ᠵᠤᠬᠢᠶᠠᠭᠴᠢ: 
							ᠴᠠᠭ:2022-02-19
							ᠥᠵᠡᠭᠰᠡᠨ :  ℃
                                                        ᠢᠷᠡᠯᠲᠡ:        
						
						
							ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠ 《 ᠨᠠᠮ ᠤᠨ ᠭᠡᠰᠢᠭᠦᠨ ᠦ ᠬᠥᠮᠦᠵᠢᠯ ᠦᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ 》ᠭᠠᠷᠭᠠᠪᠠ						
						
						 
1983 ᠣᠨ ᠤ 2  ᠰᠠᠷᠠ ᠶᠢᠨ 14  ᠦ ᠡᠳᠦᠷ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠣᠷᠢᠶᠠ 《 ᠨᠠᠮ ᠤᠨ ᠭᠡᠰᠢᠭᠦᠨ ᠦ ᠬᠥᠮᠦᠵᠢᠯ ᠦᠨ ᠠᠵᠢᠯ ᠢ ᠴᠢᠩᠭᠠᠳᠬᠠᠬᠤ ᠲᠤᠬᠠᠶ ᠮᠡᠳᠡᠭᠳᠡᠯ 》 ᠭᠠᠷᠭᠠᠪᠠ᠃ 《 ᠮᠡᠳᠡᠭᠳᠡᠯ 》  ᠳᠦ ᠂ ᠨᠠᠮ ᠤᠨ ᠠᠷᠪᠠᠨ ᠬᠣᠶᠠᠳᠤᠭᠠᠷ ᠶᠡᠬᠡ ᠬᠤᠷᠠᠯ ᠠᠴᠠ ᠲᠣᠭᠲᠠᠭᠠᠭᠰᠠᠨ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢᠨ ᠬᠥᠲᠥᠯᠪᠦᠷᠢ ᠪᠣᠯᠤᠨ ᠶᠡᠬᠡ ᠬᠤᠷᠠᠯ ᠠᠴᠠ ᠪᠠᠲᠤᠯᠠᠭᠰᠠᠨ ᠨᠠᠮ ᠤᠨ ᠰᠢᠨᠡ ᠲᠦᠷᠢᠮ ᠢ ᠨᠠᠷᠢᠨ ᠬᠢᠨᠠᠮᠠᠭᠠᠶ ᠰᠤᠷᠤᠯᠴᠠᠬᠤ ᠪᠣᠯ ᠬᠣᠶᠢᠰᠢᠳᠠ ᠶᠢᠨ ᠨᠢᠭᠡ ᠬᠤᠭᠤᠴᠠᠭᠠᠨ ᠤ ᠨᠠᠮ ᠤᠨ ᠭᠡᠰᠢᠭᠦᠨ ᠦ ᠬᠥᠮᠦᠵᠢᠯ ᠦᠨ ᠭᠣᠣᠯ ᠠᠭᠤᠯᠭᠠ ᠮᠥᠨ ᠂ ᠨᠠᠮ ᠤᠨ ᠭᠡᠰᠢᠭᠦᠨ ᠦ ᠬᠡᠪ ᠴᠢᠨᠠᠷ ᠢ ᠳᠡᠭᠡᠭᠰᠢᠯᠡᠭᠦᠯᠬᠦ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠲᠠᠢᠢᠴᠢᠨ ᠬᠦᠴᠦᠨ ᠢ ᠳᠡᠭᠡᠭᠰᠢᠯᠡᠭᠦᠯᠬᠦ ᠪᠠ ᠨᠠᠮ ᠤᠨ ᠰᠤᠷᠲᠠᠯ ᠢ ᠦᠨᠳᠦᠰᠦᠨ ᠡᠴᠡ ᠨᠢ ᠰᠠᠶᠢᠵᠢᠷᠠᠭᠤᠯᠬᠤ ᠶᠢᠨ ᠴᠢᠬᠤᠯᠠ ᠭᠣᠭᠴᠣᠭᠠ ᠮᠥᠨ ᠂ ᠪᠦᠬᠦ ᠨᠠᠮ ᠤᠨ ᠨᠢᠭᠡᠨ ᠲᠤᠮᠤ ᠶᠠᠪᠤᠳᠠᠯ ᠮᠥᠨ᠃ ᠡᠨᠡ ᠬᠦ  ᠶᠠᠪᠤᠳᠠᠯ ᠢ ᠰᠠᠶᠢᠲᠤᠷ ᠠᠳᠬᠤᠬᠤ ᠳᠤ ᠨᠠᠮ ᠤᠨ ᠬᠣᠷᠢᠢᠠ ᠬᠠᠷᠢᠭᠤᠴᠠᠵᠤ ᠂ ᠪᠦᠬᠦ ᠨᠠᠮ ᠢᠶᠠᠷ ᠢᠶᠠᠨ ᠬᠥᠳᠡᠯᠦᠯᠴᠡᠬᠦ ᠬᠡᠷᠡᠭᠲᠡᠢ   ᠃