ᠵᠤᠬᠢᠶᠠᠭᠴᠢ: 
							ᠴᠠᠭ:2022-03-18
							ᠥᠵᠡᠭᠰᠡᠨ :  ℃
                                                        ᠢᠷᠡᠯᠲᠡ:         
						
						
							ᠳᠤᠮᠳᠠᠳᠤ ᠤᠯᠤᠰ ᠤᠨ ᠡᠪ ᠬᠠᠮᠲᠤ ᠨᠠᠮ ᠱᠠᠩᠬᠠᠶ ᠶᠡᠬᠡ ᠰᠤᠷᠭᠠᠭᠤᠯᠢ ᠶᠢ ᠡᠭᠦᠳᠦᠨ ᠪᠠᠶᠢᠭᠤᠯᠪᠠ						
						
						 
1922 ᠣᠨ ᠤ 3 ᠰᠠᠷᠠ ᠶᠢᠨ 18 ᠋ ᠤ ᠡᠳᠦᠷ ᠂ ᠳᠤᠮᠳᠠᠳᠤ ᠤᠯᠤᠰ ᠤᠨ ᠡᠪ ᠬᠠᠮᠲᠤᠴᠤᠳ ᠤᠨ ᠣᠷᠣᠯᠴᠠᠵᠤ ᠡᠭᠦᠰᠭᠡᠨ ᠪᠠᠶᠢᠭᠤᠯᠤᠭᠰᠠᠨ ᠱᠠᠩᠬᠠᠢ ᠶᠡᠬᠡ ᠰᠤᠷᠭᠠᠭᠤᠯᠢ ᠪᠠᠶᠢᠭᠤᠯᠤᠭᠳᠠᠪᠠ᠃ ᠰᠤᠷᠭᠠᠭᠤᠯᠢ ᠶᠢᠨ ᠬᠠᠷᠠᠯᠲᠠ ᠪᠣᠯ ᠨᠡᠶᠢᠭᠡᠮ ᠦᠨ ᠰᠢᠨᠵᠢᠯᠡᠬᠦ ᠤᠬᠠᠭᠠᠨ ᠢ   ᠰᠤᠳᠤᠯᠵᠤ ᠂ ᠰᠢᠨᠡ ᠤᠳᠬᠠ ᠤᠷᠠᠯᠢᠭ ᠤᠨ ᠰᠢᠰᠲ᠋ᠧᠮ ᠢ ᠪᠦᠷᠢᠯᠳᠦᠭᠦᠯᠦᠨ ᠂ ᠨᠡᠶᠢᠭᠡᠮ ᠦᠨ ᠰᠢᠨᠵᠢᠯᠡᠬᠦ ᠤᠬᠠᠭᠠᠨ ᠪᠠ ᠰᠢᠨᠡ ᠤᠳᠬᠠ ᠤᠷᠠᠯᠢᠭ ᠤᠨ ᠲᠠᠯᠠ ᠶᠢᠨ ᠺᠠᠳ᠋ᠷ ᠢ ᠬᠥᠮᠦᠵᠢᠭᠦᠯᠵᠦ ᠂ ᠨᠡᠶᠢᠭᠡᠮ ᠢ ᠥᠭᠡᠷᠡᠴᠢᠯᠡᠬᠦ ᠵᠣᠷᠢᠯᠭᠠ ᠳᠤ ᠬᠦᠷᠦᠨᠡ᠃ ᠲᠡᠭᠦᠨ ᠦ ᠨᠡᠶᠢᠭᠡᠮ ᠦᠨ ᠤᠬᠠᠭᠠᠨ ᠨᠢ ᠮᠠᠷᠺᠰ ᠤᠨ ᠦᠵᠡᠯ ᠦᠨ ᠦᠨᠳᠦᠰᠦᠨ ᠤᠨᠤᠯ ᠢ ᠰᠤᠷᠤᠯᠴᠠᠬᠤ ᠪᠠᠷ ᠭᠣᠣᠯ  ᠂ ᠴᠢᠦᠢ ᠴᠢᠦ ᠪᠠᠢ ᠨᠡᠶᠢᠭᠡᠮ   ᠰᠠᠯᠪᠤᠷᠢ ᠳᠤ ᠲᠣᠭᠲᠠᠭᠠᠭᠰᠠᠨ ᠵᠢᠭᠠᠨ ᠰᠤᠷᠭᠠᠬᠤ ᠲᠥᠯᠥᠪᠯᠡᠭᠡ ᠳᠦ ᠬᠥᠳᠡᠯᠮᠦᠷᠢ ᠶᠢᠨ ᠠᠰᠠᠭᠤᠳᠠᠯ ᠂ ᠲᠠᠷᠢᠶᠠᠴᠢᠨ ᠤ ᠠᠰᠠᠭᠤᠳᠠᠯ ᠂ ᠡᠮᠡᠭᠲᠡᠶᠢᠴᠦᠳ ᠦᠨ ᠠᠰᠠᠭᠤᠳᠠᠯ ᠢ ᠴᠢᠬᠤᠯᠠᠴᠢᠯᠠᠨ ᠰᠤᠳᠤᠯᠬᠤ ᠶᠢ ᠳᠤᠷᠠᠳᠴᠠᠢ᠃