ᠵᠤᠬᠢᠶᠠᠭᠴᠢ: 
							ᠴᠠᠭ:2022-04-15
							ᠥᠵᠡᠭᠰᠡᠨ :  ℃
                                                        ᠢᠷᠡᠯᠲᠡ:        
						
						
							ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠩᠬᠠᠳᠠᠭᠴᠢ ᠬᠠᠤᠯᠢ ᠲᠣᠭᠲᠠᠭᠠᠯ 《 ᠣᠷᠣᠭ ᠤᠨ ᠬᠠᠤᠯᠢ 》 ᠮᠡᠨᠳᠦᠯᠡᠪᠡ						
						
						
 
1950 ᠣᠨ ᠤ 4  ᠰᠠᠷᠠ ᠶᠢᠨ 13  ᠤ ᠡᠳᠦᠷ ᠂ ᠠᠷᠠᠳ ᠤᠨ ᠲᠥᠪ ᠵᠠᠰᠠᠭ ᠤᠨ ᠣᠷᠳᠣᠨ ᠤ ᠬᠣᠷᠢᠶᠠ ᠳᠣᠯᠣᠳᠤᠭᠠᠷ ᠤᠳᠠᠭᠠ ᠶᠢᠨ ᠬᠤᠷᠠᠯ ᠬᠤᠷᠠᠯᠳᠤᠭᠤᠯᠵᠤ ᠂ 《 ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠷᠤᠭ ᠤᠨ ᠬᠠᠤᠯᠢ 》  ᠶᠢ ᠪᠠᠲᠤᠯᠠᠵᠤ ᠂ ᠡᠵᠡᠨ ᠮᠡᠳᠡᠨ ᠠᠯᠪᠠᠳᠠᠬᠤ ᠂ ᠡᠷᠡᠭᠲᠡᠶ ᠶᠢ ᠬᠦᠨᠳᠦᠳᠬᠡᠵᠦ ᠡᠮᠡᠭᠲᠡᠶ ᠶᠢ ᠳᠤᠷᠤᠮᠵᠢᠯᠠᠬᠤ ᠂ ᠦᠷᠡ ᠬᠡᠦᠬᠡᠳ ᠦᠨ ᠠᠰᠢᠭ ᠲᠤᠰᠠ ᠶᠢ ᠦᠯᠦ ᠬᠠᠶᠢᠬᠤᠷᠬᠤ ᠹᠸᠤᠳᠠᠯ ᠤᠨ ᠤᠷᠤᠭ ᠤᠨ ᠲᠦᠷᠢᠮ ᠢ ᠬᠦᠴᠦᠨ ᠦᠭᠡᠢ ᠪᠣᠯᠭᠠᠵᠤ ᠂ ᠡᠷᠡᠭᠲᠡᠶ ᠡᠮᠡᠭᠲᠡᠶ ᠤᠷᠤᠭ ᠤᠨ ᠡᠷᠬᠡ ᠴᠢᠯᠥᠭᠡ   ᠂ ᠡᠮᠡᠭᠲᠡᠶᠢᠴᠦᠳ ᠪᠣᠯᠤᠨ ᠦᠷᠡ ᠬᠡᠦᠬᠡᠳ ᠦᠨ ᠬᠠᠤᠯᠢ ᠶᠣᠰᠣᠨ ᠤ ᠠᠰᠢᠭ ᠲᠤᠰᠠ ᠶᠢ ᠬᠠᠮᠠᠭᠠᠯᠠᠬᠤ ᠰᠢᠨᠡ ᠤᠷᠤᠭ ᠤᠨ ᠲᠦᠷᠢᠮ ᠢ ᠬᠡᠷᠡᠭᠵᠢᠭᠦᠯᠪᠡ᠃ ᠡᠨᠡ ᠪᠣᠯ ᠳᠤᠮᠳᠠᠳᠤ ᠤᠯᠤᠰ ᠤᠨ ᠹᠧᠣᠳᠠᠯ ᠤᠨ ᠬᠠᠭᠤᠴᠢᠨ ᠤᠯᠠᠮᠵᠢᠯᠠᠯ ᠢ ᠠᠷᠢᠯᠭᠠᠵᠤ ᠂ ᠡᠮᠡᠭᠲᠡᠶᠢᠴᠦᠳ ᠦᠨ ᠴᠢᠯᠥᠭᠡᠯᠡᠯᠲᠡ ᠶᠢ ᠪᠡᠶᠡᠯᠡᠭᠦᠯᠬᠦ ᠨᠢᠭᠡᠨ ᠶᠡᠬᠡ ᠶᠠᠪᠤᠳᠠᠯ ᠮᠥᠨ᠃ ᠲᠤᠰ ᠬᠠᠤᠯᠢ ᠶᠢ 1950 ᠣᠨ ᠤ 5  ᠰᠠᠷᠠ ᠶᠢᠨ 1  ᠦ ᠡᠳᠦᠷ ᠡᠴᠡ ᠡᠬᠢᠯᠡᠨ ᠬᠡᠷᠡᠭᠵᠢᠭᠦᠯᠵᠦ ᠂ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭᠠ ᠨᠡᠶᠢᠲᠡᠯᠡᠭᠰᠡᠨ ᠠᠩᠬᠠᠳᠠᠭᠴᠢ ᠦᠨᠳᠦᠰᠦ ᠪᠣᠯᠬᠤ ᠬᠠᠤᠯᠢ ᠶᠢᠨ ᠰᠢᠨᠵᠢ ᠴᠢᠨᠠᠷ ᠲᠠᠶ ᠬᠠᠤᠯᠢ ᠴᠠᠭᠠᠵᠠ ᠪᠣᠯᠤᠨᠠ᠃