ᠵᠤᠬᠢᠶᠠᠭᠴᠢ: 
							ᠴᠠᠭ:2022-04-22
							ᠥᠵᠡᠭᠰᠡᠨ :  ℃
                                                        ᠢᠷᠡᠯᠲᠡ:        
						
						
							ᠳᠤᠮᠳᠠᠳᠤ ᠤᠯᠤᠰ ᠤᠨ ᠰᠢᠨᠡ ᠠᠷᠠᠳᠴᠢᠯᠠᠭᠰᠠᠨ ᠶᠣᠰᠣᠨ ᠤ ᠵᠠᠯᠠᠭᠤᠴᠤᠳ ᠤᠨ ᠡᠪᠯᠡᠯ ᠦᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠲᠡᠭᠦᠰᠪᠡ						
						
						 
1949 ᠣᠨ ᠤ 4  ᠰᠠᠷᠠ ᠶᠢᠨ 18  ᠤ ᠡᠳᠦᠷ ᠂ ᠳᠤᠮᠳᠠᠳᠤ ᠤᠯᠤᠰ ᠤᠨ ᠰᠢᠨᠡ ᠠᠷᠠᠳᠴᠢᠯᠠᠭᠰᠠᠨ ᠶᠣᠰᠣᠨ ᠤ ᠵᠠᠯᠠᠭᠤᠴᠤᠳ ᠤᠨ ᠡᠪᠯᠡᠯ ᠦᠨ ᠠᠩᠬᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠦᠨ ᠶᠡᠬᠡ ᠬᠤᠷᠠᠯ ᠲᠡᠭᠦᠰᠪᠡ᠃ ᠶᠡᠬᠡ ᠬᠤᠷᠠᠯ ᠠᠴᠠ ᠰᠠᠨᠠᠯ ᠨᠢᠭᠡᠲᠡᠢ ᠰᠢᠢᠳᠪᠦᠷᠢ ᠪᠠᠲᠤᠯᠠᠵᠤ ᠂ ᠡᠨᠡ ᠬᠦ ᠢᠯᠡᠳᠬᠡᠯ ᠢᠶᠡᠷ ᠬᠣᠶᠢᠰᠢᠳᠠ ᠶᠢᠨ ᠪᠦᠬᠦ  ᠠᠵᠢᠯ ᠤᠨ ᠵᠢᠯᠣᠭᠣᠳᠬᠤ ᠴᠢᠭᠯᠡᠯᠲᠡ ᠪᠣᠯᠭᠠᠪᠠ᠃ ᠶᠡᠬᠡ ᠬᠤᠷᠠᠯ ᠠᠴᠠ ᠪᠠᠰᠠ ᠡᠪᠯᠡᠯ ᠦᠨ ᠠᠵᠢᠯ ᠤᠨ ᠬᠥᠲᠥᠯᠪᠦᠷᠢ ᠂ ᠡᠪᠯᠡᠯ ᠦᠨ ᠳᠦ᠋ᠷᠢᠮ ᠂ 《 ᠡᠪᠯᠡᠯ ᠦᠨ ᠡᠭᠦᠷᠭᠡ ᠪᠠ ᠠᠵᠢᠯ 》 ᠤᠨ ᠮᠡᠳᠡᠭᠦᠯᠦᠯᠲᠡ ᠵᠢᠴᠢ ᠶᠡᠬᠡ ᠬᠤᠷᠠᠯ ᠤᠨ ᠳ᠋ᠦᠩᠨᠡᠯᠲᠡ ᠵᠡᠷᠭᠡ ᠰᠢᠢᠳᠪᠦᠷᠢ ᠶᠢ ᠪᠠᠲᠤᠯᠠᠪᠠ ᠂ ᠡᠨᠡ ᠤᠳᠠᠭᠠᠨ ᠤ ᠶᠡᠬᠡ ᠬᠤᠷᠠᠯ ᠤᠨ ᠬᠤᠷᠠᠯᠳᠤᠭᠰᠠᠨ ᠨᠢ ᠳᠤᠮᠳᠠᠳᠤ ᠤᠯᠤᠰ ᠤᠨ ᠰᠢᠨᠡ ᠠᠷᠠᠳᠴᠢᠯᠠᠭᠰᠠᠨ ᠶᠣᠰᠣᠨ ᠤ ᠵᠠᠯᠠᠭᠤᠴᠤᠳ ᠤᠨ ᠡᠪᠯᠡᠯ ᠵᠢᠩᠬᠢᠨᠢ ᠪᠡᠷ ᠪᠠᠶᠢᠭᠤᠯᠤᠭᠳᠠᠭᠰᠠᠨ ᠢ ᠬᠠᠷᠠᠭᠤᠯᠵᠤ ᠂ ᠡᠭᠦᠨ ᠡᠴᠡ ᠡᠬᠢᠯᠡᠨ ᠳᠤᠮᠳᠠᠳᠤ ᠤᠯᠤᠰ ᠤᠨ ᠵᠠᠯᠠᠭᠤᠴᠤᠳ ᠤᠨ ᠬᠥᠳᠡᠯᠭᠡᠭᠡᠨ ᠪᠠᠰᠠ ᠥᠪᠡᠷ ᠦᠨ ᠭᠣᠣᠯᠯᠠᠭᠴᠢ ᠵᠣᠬᠢᠶᠠᠨ ᠪᠠᠶᠢᠭᠤᠯᠤᠯᠲᠠ ᠲᠠᠶ ᠪᠤᠯᠵᠦ ᠂ ᠨᠢᠭᠡᠨ ᠰᠢᠨᠡ   ᠳᠤ ᠤᠷᠤᠭᠰᠠᠨ ᠪᠠᠶᠢᠨᠠ᠃