ᠵᠤᠬᠢᠶᠠᠭᠴᠢ: 
							ᠴᠠᠭ:2022-05-09
							ᠥᠵᠡᠭᠰᠡᠨ :  ℃
                                                        ᠢᠷᠡᠯᠲᠡ:        
						
						
							《 ᠴᠡᠴᠡᠭ ᠪᠦᠬᠦᠨ ᠢ ᠵᠡᠷᠭᠡ ᠪᠡᠷ ᠳᠡᠯᠭᠡᠷᠡᠭᠦᠯᠵᠦ ᠂ ᠡᠷᠳᠡᠮᠲᠡᠨ ᠪᠦᠬᠦᠨ ᠢ ᠴᠢᠯᠥᠭᠡᠲᠡ 》						
						
						 
1956 ᠣᠨ ᠤ 4  ᠰᠠᠷᠠ ᠶᠢᠨ 28  ᠤ ᠡᠳᠦᠷ ᠂ ᠮᠠᠤ ᠽᠸ ᠳ᠋ᠦᠩ ᠨᠠᠮ ᠤᠨ ᠲᠥᠪ ᠬᠣᠷᠢᠶᠠᠨ ᠤ ᠤᠯᠤᠰ ᠲᠦᠷᠦ ᠶᠢᠨ ᠲᠣᠪᠴᠢᠶᠠᠨ ᠤ ᠥᠷᠭᠡᠳᠬᠡᠭᠰᠡᠨ ᠬᠤᠷᠠᠯ ᠳᠡᠭᠡᠷᠡ ᠂ ᠤᠷᠠᠯᠢᠭ ᠤᠨ ᠠᠰᠠᠭᠤᠳᠠᠯ ᠳᠡᠭᠡᠷᠡᠬᠢ 《 ᠴᠡᠴᠡᠭ ᠪᠦᠬᠦᠨ ᠢ ᠵᠡᠷᠭᠡ ᠪᠡᠷ ᠳᠡᠯᠭᠡᠷᠡᠭᠦᠯᠬᠦ 》 ᠂ ᠡᠷᠳᠡᠮ ᠰᠢᠨᠵᠢᠯᠡᠭᠡᠨ ᠦ ᠠᠰᠠᠭᠤᠳᠠᠯ ᠳᠡᠭᠡᠷᠡᠬᠢ 《 ᠡᠷᠳᠡᠮᠲᠡᠨ ᠪᠦᠬᠦᠨ ᠢ ᠴᠢᠯᠥᠭᠡᠲᠡᠶ  ᠶᠠᠷᠢᠯᠴᠠᠭᠤᠯᠬᠤ 》  ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠢ ᠬᠥᠭᠵᠢᠭᠦᠯᠬᠦ ᠂ ᠤᠳᠬᠠ ᠤᠷᠠᠯᠢᠭ ᠢ ᠴᠡᠴᠡᠭᠯᠡᠭᠦᠯᠦᠨ ᠬᠥᠭᠵᠢᠭᠦᠯᠬᠦ ᠴᠢᠭᠯᠡᠯᠲᠡ  ᠵᠣᠬᠢᠨᠠ ᠭᠡᠵᠦ ᠬᠡᠯᠡᠪᠡ᠃ 5  ᠰᠠᠷᠠ ᠶᠢᠨ 2  ᠤᠨ ᠡᠳᠦᠷ ᠂ ᠮᠠᠤ ᠽᠸ ᠳ᠋ᠦᠩ ᠬᠠᠮᠤᠭ ᠤᠨ ᠳᠡᠭᠡᠳᠦ ᠲᠦᠷᠦ ᠶᠢᠨ ᠶᠠᠪᠤᠳᠠᠯ ᠤᠨ ᠬᠤᠷᠠᠯ ᠳᠡᠭᠡᠷᠡ 《 ᠴᠡᠴᠡᠭ ᠪᠦᠬᠦᠨ ᠢ ᠵᠡᠷᠭᠡ ᠪᠡᠷ ᠳᠡᠯᠭᠡᠷᠡᠭᠦᠯᠵᠦ ᠂ ᠡᠷᠳᠡᠮᠲᠡᠨ ᠪᠦᠬᠦᠨ ᠢ ᠴᠢᠯᠥᠭᠡᠲᠡᠶ  ᠶᠠᠷᠢᠯᠴᠠᠭᠤᠯᠬᠤ 》 ᠴᠢᠭᠯᠡᠯᠲᠡ ᠶᠢ ᠵᠢᠩᠬᠢᠨᠢ ᠪᠡᠷ ᠨᠡᠶᠢᠲᠡᠯᠡᠪᠡ᠃ 5  ᠰᠠᠷᠠ ᠶᠢᠨ 26  ᠤ ᠡᠳᠦᠷ ᠂ ᠲᠥᠪ ᠦᠨ ᠤᠬᠠᠭᠤᠯᠬᠤ ᠬᠡᠯᠲᠡᠰ ᠮᠡᠳᠡᠭᠦᠯᠦᠯᠲᠡ ᠶᠢᠨ ᠬᠤᠷᠠᠯ ᠬᠢᠵᠦ ᠂ ᠯᠦ ᠳ᠋ᠢᠩ ᠢ 《 ᠴᠡᠴᠡᠭ ᠪᠦᠬᠦᠨ ᠢ ᠵᠡᠷᠭᠡ ᠪᠡᠷ ᠳᠡᠯᠭᠡᠷᠡᠭᠦᠯᠵᠦ ᠂ ᠡᠷᠳᠡᠮᠲᠡᠨ ᠪᠦᠬᠦᠨ ᠢ ᠴᠢᠯᠥᠭᠡᠲᠡᠶ  ᠶᠠᠷᠢᠯᠴᠠᠭᠤᠯᠬᠤ 》 ᠰᠡᠳᠦᠪ ᠢᠶᠡᠷ ᠶᠠᠷᠢᠶᠠ ᠲᠠᠯᠪᠢᠵᠤ ᠂ ᠡᠨᠡ ᠬᠦ ᠴᠢᠭᠯᠡᠯᠲᠡ ᠶᠢ ᠪᠦᠬᠦ ᠲᠠᠯᠠ ᠪᠠᠷ ᠲᠣᠳᠣᠷᠬᠠᠶᠢᠯᠠᠨ ᠥᠭᠦᠯᠡᠪᠡ᠃