ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ:
ᠵᠧᠦ ᠯᠠᠶ ᠤᠯᠤᠰ ᠠᠷᠠᠳ ᠤᠨ ᠠᠵᠤ ᠠᠬᠤᠶ ᠶᠢ ᠬᠥᠭᠵᠢᠭᠦᠯᠬᠦ ᠬᠣᠶᠠᠷ ᠠᠯᠬᠤᠮ ᠤᠨ ᠪᠣᠳᠣᠯᠬᠢᠯᠠᠯ ᠢ ᠳᠠᠪᠲᠠᠨ ᠢᠯᠡᠷᠬᠡᠶᠢᠯᠡᠪᠡ
1975 ᠣᠨ ᠤ 1 ᠳ᠋ᠤᠭᠡᠷ ᠰᠠᠷ᠎ᠠ ᠶᠢᠨ 13 ᠤ ᠡᠳᠦᠷ᠂ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠠᠩᠬᠠᠳᠤᠭᠠᠷ ᠬᠤᠷᠠᠯᠳᠤᠭᠠᠨ ᠪᠡᠭᠡᠵᠢᠩ ᠳᠦ ᠬᠤᠷᠠᠯᠳᠤᠪᠠ᠃ ᠶᠡᠷᠥᠩᠬᠡᠢ ᠰᠠᠢᠳ ᠵᠧᠦ ᠯᠠᠶ《ᠵᠠᠰᠠᠭ ᠤᠨ ᠣᠷᠳᠣᠨ ᠤ ᠠᠵᠢᠯ ᠤᠨ ᠢᠯᠡᠳᠬᠡᠯ》 ᠬᠢᠵᠦ᠂ ᠤᠯᠤᠰ ᠠᠷᠠᠳ ᠤᠨ ᠠᠵᠤ ᠠᠬᠤᠶ ᠶᠢ ᠬᠥᠭᠵᠢᠭᠦᠯᠬᠦ ᠬᠣᠶᠠᠷ ᠠᠯᠬᠤᠮ ᠤᠨ ᠲᠥᠰᠦᠪᠯᠡᠯ ᠢ ᠳᠠᠪᠲᠠᠨ ᠢᠯᠡᠷᠬᠡᠶᠢᠯᠡᠪᠡ᠂ ᠨᠢᠭᠡᠳᠦᠭᠡᠷ ᠠᠯᠬᠤᠮ ᠳᠤ᠂ 1980 ᠣᠨ ᠠᠴᠠ ᠡᠮᠦᠨ᠎ᠡ᠂ ᠨᠢᠭᠡᠨ ᠪᠡᠶ᠎ᠡ ᠪᠡᠨ ᠳᠠᠭᠠᠭᠠᠭᠰᠠᠨ ᠨᠡᠯᠢᠶᠡᠳ ᠪᠦᠷᠢᠨ ᠪᠦᠲᠦᠨ ᠠᠵᠤ ᠦᠢᠯᠡᠳᠪᠦᠷᠢ ᠶᠢᠨ ᠲᠣᠭᠲᠠᠯᠴᠠᠭ᠎ᠠ ᠪᠠ ᠤᠯᠤᠰ ᠠᠷᠠᠳ ᠤᠨ ᠠᠵᠤ ᠠᠬᠤᠶ ᠶᠢᠨ ᠲᠣᠭᠲᠠᠯᠴᠠᠭ᠎ᠠ ᠶᠢ ᠪᠠᠶᠢᠭᠤᠯᠤᠨ᠎ᠠ᠃ ᠬᠣᠶᠠᠳᠤᠭᠠᠷ ᠠᠯᠬᠤᠮ ᠳᠤ᠂ ᠲᠤᠰ ᠵᠠᠭᠤᠨ(20 ᠳ᠋ᠤᠭᠠᠷ ᠵᠠᠭᠤᠨ) ᠤ ᠳᠣᠲᠣᠷ᠎ᠠ ᠲᠠᠷᠢᠶᠠᠯᠠᠩ᠂ ᠠᠵᠤ ᠦᠢᠯᠡᠳᠪᠦᠷᠢ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠦᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠮᠠᠨ ᠤ ᠤᠯᠤᠰ ᠤᠨ ᠤᠯᠤᠰ ᠠᠷᠠᠳ ᠤᠨ ᠠᠵᠤ ᠠᠬᠤᠶ ᠶᠢ ᠳᠡᠯᠡᠬᠡᠶ ᠶᠢᠨ ᠲᠡᠷᠢᠭᠦᠨ ᠦ ᠡᠩᠨᠡᠭᠡᠨ ᠳᠦ ᠣᠷᠣᠭᠤᠯᠤᠨ᠎ᠠ᠃ ᠬᠤᠷᠠᠯ ᠠᠴᠠ《ᠵᠠᠰᠠᠭ ᠤᠨ ᠣᠷᠳᠣᠨ ᠤ ᠠᠵᠢᠯ ᠤᠨ ᠢᠯᠡᠳᠬᠡᠯ》᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ《ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ》ᠵᠢ ᠪᠠᠲᠤᠯᠠᠪᠠ᠃