ᠵᠤᠬᠢᠶᠠᠭᠴᠢ:
ᠴᠠᠭ:2024-06-28
ᠥᠵᠡᠭᠰᠡᠨ : ℃
ᠢᠷᠡᠯᠲᠡ:
ᠮᠠᠤ ᠽᠧ ᠳ᠋ᠦᠩ︽ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠤᠬᠠᠶ ᠥᠭᠦᠯᠡᠬᠦ ᠨᠢ︾ ᠢᠶᠡᠨ
1949 ᠣᠨ ᠤ 6 ᠰᠠᠷ᠎ᠠ ᠶᠢᠨ 30 ᠤ ᠡᠳᠤᠷ ᠮᠠᠤ ᠽᠧ ᠳ᠋ᠦᠩ《ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠤᠨ ᠲᠤᠬᠠᠢ ᠥᠭᠦᠯᠡᠬᠦ ᠨᠢ》ᠭᠡᠬᠦ ᠵᠤᠬᠢᠶᠠᠯ ᠢᠶᠡᠨ ᠨᠡᠶᠢᠲᠡᠯᠡᠵᠦ᠂ ᠳᠤᠮᠳᠠᠳᠤ ᠤᠯᠤᠰ ᠤᠨ ᠵᠠᠭᠤ ᠰᠢᠬᠠᠮ ᠵᠢᠯ ᠤᠨ ᠬᠤᠪᠢᠰᠬᠠᠯ ᠤᠨ ᠲᠡᠦᠬᠡᠨ ᠲᠤᠷᠰᠢᠯᠭ᠎ᠠ ᠶᠢ ᠳ᠋ᠦᠩᠨᠡᠵᠦ᠂ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠭᠡᠬᠦ ᠡᠨᠡ ᠬᠦ ᠰᠢᠨᠵᠢᠯᠡᠬᠦ ᠤᠬᠠᠭᠠᠨ ᠤ ᠤᠬᠠᠭᠳᠠᠬᠤᠨ ᠢ ᠳᠤᠷᠠᠳᠤᠨ ᠭᠠᠷᠭᠠᠪᠠ᠃ ᠮᠠᠨ ᠤ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠪᠣᠯ ᠬᠤᠲᠠ ᠶᠢᠨ ᠵᠢᠵᠢᠭ ᠬᠥᠷᠥᠩᠭᠡᠲᠡᠨ ᠠᠩᠭᠢ ᠪᠠ ᠦᠨᠳᠦᠰᠦᠲᠡᠨ ᠤ ᠬᠥᠷᠥᠩᠭᠡᠲᠡᠨ ᠠᠩᠭᠢ ᠶᠢ ᠪᠠᠭᠲᠠᠭᠠᠭᠰᠠᠨ ᠠᠵᠢᠯᠴᠢᠨ ᠠᠩᠭᠢ ᠶᠢᠨ ᠤᠳᠤᠷᠢᠳᠤᠭᠰᠠᠨ᠂ ᠠᠵᠢᠯᠴᠢᠨ ᠲᠠᠷᠢᠶᠠᠴᠢᠨ ᠤ ᠬᠤᠯᠪᠣᠭ᠎ᠠ ᠪᠠᠷ ᠰᠠᠭᠤᠷᠢ ᠪᠣᠯᠭᠠᠭᠰᠠᠨ ᠵᠠᠰᠠᠭ ᠤᠨ ᠡᠷᠬᠡ ᠮᠥᠨ ᠭᠡᠵᠦ ᠵᠢᠭᠠᠵᠤ ᠭᠠᠷᠭᠠᠭᠰᠠᠨ ᠤ ᠬᠠᠮᠲᠤ ᠠᠷᠠᠳ ᠤᠨ ᠳᠣᠲᠣᠭᠠᠳᠤ ᠶᠢᠨ ᠠᠷᠠᠳᠴᠢᠯᠠᠯ ᠤᠨ ᠲᠠᠯ᠎ᠠ ᠪᠠ ᠲᠡᠷᠰᠯᠡᠭᠦᠴᠦᠳ ᠢ ᠳᠠᠷᠤᠩᠭᠤᠶᠢᠯᠠᠬᠤ ᠵᠠᠰᠠᠭ ᠤᠨ ᠲᠠᠯ᠎ᠠ ᠤᠶᠠᠯᠳᠤᠭᠤᠯᠬᠤ ᠪᠣᠯ ᠳᠠᠷᠤᠶ ᠮᠠᠨ ᠤ ᠠᠷᠠᠳ ᠤᠨ ᠠᠷᠠᠳᠴᠢᠯᠠᠭᠰᠠᠨ ᠳᠠᠷᠤᠩᠭᠤᠶᠢᠯᠠᠬᠤ ᠵᠠᠰᠠᠭ ᠮᠥᠨ᠃ ᠳᠤᠮᠳᠠᠳᠤ ᠤᠯᠤᠰ ᠤᠨ ᠲᠡᠦᠬᠡᠨ ᠨᠥ᠋ᠬᠥᠴᠡᠯ ᠳᠤᠤᠷ᠎ᠠ ᠬᠥᠷᠥᠩᠭᠡᠲᠡᠨ ᠠᠩᠭᠢ ᠶᠢᠨ ᠪᠦᠭᠦᠳᠡ ᠨᠠᠶᠢᠷᠠᠮᠳᠠᠬᠤ ᠤᠯᠤᠰ ᠪᠠᠶᠢᠬᠤ ᠮᠵᠢ ᠦᠭᠡᠢ ᠂ ᠬᠠᠷᠢᠨ ᠠᠵᠢᠯᠴᠢᠨ ᠠᠩᠭᠢ ᠶᠢᠨ ᠤᠳᠤᠷᠢᠳᠤᠭᠰᠠᠨ ᠪᠦᠭᠦᠳᠡ ᠨᠠᠶᠢᠷᠠᠮᠳᠠᠬᠤ ᠠᠷᠠᠳ ᠤᠯᠤᠰ ᠨᠡᠶᠢᠭᠡᠮ ᠵᠢᠷᠤᠮ ᠪᠠ ᠡᠪ ᠬᠠᠮᠲᠤ ᠶᠣᠰᠣᠨ ᠬᠦᠷᠬᠦ ᠪᠣᠯᠣᠨ᠎ᠠ ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠠᠷᠠᠳᠴᠢᠯᠠᠭᠰᠠᠨ ᠬᠤᠪᠢᠰᠬᠠᠯ ᠤᠨ 28 ᠵᠢᠯ ᠦᠨ ᠲᠤᠷᠰᠢᠯᠭ᠎ᠠ ᠶᠢ ᠳ᠋ᠦᠩᠨᠡᠵᠦ ᠂ ᠤᠳᠠᠯ ᠦᠭᠡᠢ ᠭᠡᠵᠦ ᠪᠦᠬᠦᠳᠡ ᠳᠤᠮᠳᠠᠳᠤ ᠠᠷᠠᠳ ᠤᠯᠤᠰ ᠤᠨ ᠰᠢᠨᠵᠢ ᠴᠢᠨᠠᠷ ᠂ ᠲᠥᠷᠥ ᠶᠢᠨ ᠡᠷᠬᠡ ᠳᠡᠬᠢ ᠡᠯ᠎ᠡ ᠠᠩᠭᠢ ᠶᠢᠨ ᠪᠠᠶᠢᠷᠢ ᠰᠠᠭᠤᠷᠢ ᠵᠢᠴᠢ ᠰᠢᠨ᠎ᠡ ᠳᠤᠮᠳᠠᠳᠤ ᠤᠯᠤᠰ ᠤᠨ ᠳᠣᠲᠣᠭᠠᠳᠤ ᠵᠠᠰᠠᠭ ᠭᠠᠳᠠᠭᠠᠳᠤ ᠬᠠᠷᠢᠯᠴᠠᠭᠠᠨ ᠤ ᠦᠨᠳᠦᠰᠦᠨ ᠲᠥᠷᠥ ᠶᠢᠨ ᠪᠣᠳᠣᠯᠭ᠎ᠠ ᠶᠢ ᠲᠣᠳᠣᠷᠬᠠᠢ᠌ᠯᠠᠵᠠᠢ ᠃