ᠵᠤᠬᠢᠶᠠᠭᠴᠢ:
ᠴᠠᠭ:2025-01-03
ᠥᠵᠡᠭᠰᠡᠨ : ℃
ᠢᠷᠡᠯᠲᠡ:
ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠪᠠᠶᠢᠭᠤᠯᠤᠭᠳᠠᠪᠠ
1979 ᠣᠨ ᠤ 1 ᠰᠠᠷ᠎ᠠ ᠶᠢᠨ 4 ᠂ ᠲᠥᠪ ᠦᠨ ᠰᠠᠬᠢᠯᠭ᠎ᠠ ᠪᠠᠲᠤ ᠪᠠᠶᠢᠴᠠᠭᠠᠬᠤ ᠬᠣᠷᠢᠶ᠎ᠠ ᠶᠢᠨ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠃ ᠬᠤᠷᠠᠯ ᠠᠴᠠ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠠᠯᠢ ᠤᠯᠠᠨ ᠵᠢᠷᠤᠮᠯᠠᠯ ᠢ ᠶᠠᠷᠢᠯᠴᠠᠨ ᠲᠣᠭᠲᠠᠭᠠᠵᠤ᠂《ᠠᠵᠢᠯ ᠤᠨ ᠡᠭᠦᠷᠭᠡ᠂ ᠡᠷᠬᠡ ᠲᠤᠰᠢᠶᠠᠯ ᠤᠨ ᠬᠡᠪᠴᠢᠶ᠎ᠡ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ ᠶᠢᠨ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠣᠭᠲᠠᠭᠠᠯ》《ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠩᠬᠠᠳᠤᠭᠠᠷ ᠪᠦᠬᠦᠳᠡ ᠬᠤᠷᠠᠯ ᠤᠨ ᠵᠠᠷ》 ᠢ ᠶᠠᠷᠢᠯᠴᠠᠨ ᠪᠠᠲᠤᠯᠠᠪᠠ᠃