ᠵᠤᠬᠢᠶᠠᠭᠴᠢ:
ᠴᠠᠭ:2025-02-07
ᠥᠵᠡᠭᠰᠡᠨ : ℃
ᠢᠷᠡᠯᠲᠡ:
ᠳᠤᠮᠳᠠᠳᠤ ᠤᠯᠤᠰ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠠᠶᠢᠭᠤᠯᠤᠭᠳᠠᠪᠠ
1999 ᠣᠨ ᠤ 2 ᠰᠠᠷ᠎ᠠ ᠶᠢᠨ 8 ᠤ ᠡᠳᠦᠷ ᠪᠡᠭᠡᠵᠢᠩ᠂ ᠱᠠᠩᠬᠠᠶ᠂ ᠵᠢᠶᠠᠩᠰᠦ ᠵᠡᠷᠭᠡ ᠭᠠᠵᠠᠷ ᠠᠴᠠ ᠢᠷᠡᠭᠰᠡᠨ ᠰᠢᠨᠵᠢᠯᠡᠬᠦ ᠤᠬᠠᠭᠠᠨ ᠮᠡᠷᠭᠡᠵᠢᠯ ᠳᠤ ᠳᠤᠷ᠎ᠠ ᠪᠠᠭ᠋ᠠᠲᠠᠶ 13 ᠨᠡᠷᠡᠰ ᠪᠠᠭᠠᠴᠤᠳ ᠡᠪᠯᠡᠯ ᠤᠨ ᠲᠥᠪ ᠬᠤᠷᠢᠶᠠᠨ ᠤ ᠨᠢᠭᠡᠳᠦᠭᠡᠷ ᠱᠦᠵᠢ ᠵᠧᠤ ᠴᠢᠶᠠᠩ ᠵᠡᠷᠭᠡ ᠤᠳᠤᠷᠢᠳᠤᠯᠭ᠎ᠠ ᠪᠣᠯᠤᠨ ᠲᠤᠰᠬᠠᠶ ᠮᠡᠷᠭᠡᠵᠢᠯᠲᠡᠨ ᠤ ᠭᠠᠷ ᠠᠴᠠ 《ᠳᠤᠮᠳᠠᠳᠤ ᠤᠯᠤᠰ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠺᠠᠳᠧᠮᠢᠴᠢ ᠶᠢᠨ ᠦᠨᠡᠮᠯᠡᠯ》 ᠢ ᠲᠣᠰᠴᠤ᠂ ᠳᠤᠮᠳᠠᠳᠤ ᠤᠯᠤᠰ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠠᠩᠬᠠᠳᠠᠭᠴᠢ ᠪᠦᠯᠦᠭ ᠠᠺᠠᠳᠧᠮᠢᠴᠢ ᠪᠣᠯᠪᠠ᠃ ᠳᠤᠮᠳᠠᠳᠤ ᠤᠯᠤᠰ ᠤᠨ ᠪᠠᠭᠠᠴᠤᠳ ᠤᠨ ᠰᠢᠨᠵᠢᠯᠡᠬᠦ ᠤᠬᠠᠭᠠᠨ ᠤ ᠬᠦᠷᠢᠶᠡᠯᠡᠩ ᠪᠣᠯ ᠰᠤᠷᠭᠠᠭᠤᠯᠢ ᠶᠢᠨ ᠭᠠᠳᠠᠨᠠᠬᠢ ᠰᠤᠷᠭᠠᠨ ᠬᠥᠮᠦᠵᠢᠯ ᠤᠨ ᠵᠢᠭᠰᠠᠭᠠᠯ ᠤᠨ ᠭᠠᠵᠠᠷ ᠢᠶᠠᠷ ᠲᠦᠰᠢᠭ ᠪᠣᠯᠭᠠᠨ᠂ ᠨᠡᠶᠢᠭᠡᠮ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠰᠤᠷᠭᠠᠭᠤᠯᠢ ᠶᠢᠨ ᠭᠠᠳᠠᠨᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠤᠷᠭᠠᠨ ᠬᠥᠮᠦᠵᠢᠯ ᠤᠨ ᠠᠵᠢᠯᠯᠠᠭ᠎ᠠ ᠶᠢ ᠨᠡᠭᠡᠭᠡᠨ ᠬᠥᠭᠵᠢᠶᠡᠨᠲᠡᠶ ᠪᠣᠯᠭᠠᠬᠤ ᠪᠠᠷ ᠠᠭᠤᠯᠭ᠎ᠠ ᠪᠣᠯᠭᠠᠵᠤ ᠂ ᠪᠥᠬᠦ ᠤᠯᠤᠰ ᠤᠨ ᠪᠠᠭᠠᠴᠤᠳ ᠬᠡᠤᠬᠡᠳ ᠢ ᠬᠥᠲᠥᠯᠦᠨ ᠵᠢᠯᠣᠭᠣᠳᠬᠤ ᠪᠠ ᠰᠤᠷᠭᠠᠨ ᠬᠥᠮᠦᠵᠢᠭᠦᠯᠵᠦ ᠰᠢᠨᠵᠢᠯᠡᠬᠦ ᠤᠬᠠᠭᠠᠨ ᠳᠤ ᠪᠠᠬᠠᠲᠠᠢ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠡᠷᠬᠢᠮᠯᠡᠬᠦ᠂ ᠵᠣᠷᠢᠭᠲᠠᠶ ᠪᠠᠷ ᠰᠢᠨ᠎ᠡ ᠶᠢ ᠡᠭᠦᠳᠬᠦ ᠪᠠᠷ ᠭᠤᠤᠯ ᠬᠠᠷᠠᠯᠲᠠ ᠪᠣᠯᠭᠠᠭᠰᠠᠨ ᠴᠢᠳᠠᠮᠵᠢ ᠶᠢᠨ ᠴᠢᠨᠠᠷᠲᠠᠶ ᠨᠡᠶᠢᠭᠡᠮ ᠤᠨ ᠪᠦᠯᠬᠦᠮ ᠪᠣᠯᠣᠨ᠎ᠠ᠃