ᠵᠤᠬᠢᠶᠠᠭᠴᠢ: 
							ᠴᠠᠭ:2025-06-01
							ᠥᠵᠡᠭᠰᠡᠨ :  ℃
                                                        ᠢᠷᠡᠯᠲᠡ:        
						
						
							ᠳᠤᠮᠳᠠᠳᠤ ᠤᠯᠤᠰ ᠤᠨ ᠠᠷᠠᠳ ᠤᠨ ᠶᠠᠫᠣᠨ ᠢ ᠡᠰᠡᠷᠭᠦᠴᠡᠬᠦ ᠤᠯᠠᠭᠠᠨᠴᠡᠷᠢᠭ    						
						
						
 
1936 ᠣᠨ ᠤ 6  ᠰᠠᠷᠠ ᠶᠢᠨ 1 ᠦ ᠡᠳᠦᠷ᠂ ᠶᠠᠫᠣᠨ ᠢ ᠡᠰᠡᠷᠭᠦᠴᠡᠬᠦ ᠴᠡᠷᠢᠭ ᠵᠠᠰᠠᠭ ᠤᠨ ᠺᠠᠳ᠋ᠷ ᠢ ᠬᠥᠮᠦᠵᠢᠭᠦᠯᠦᠨ ᠨᠥᠬᠥᠪᠥᠷᠢᠯᠡᠵᠦ᠂ ᠤᠯᠠᠭᠠᠨ ᠴᠡᠷᠢᠭ ᠦᠨ ᠲᠤᠰ ᠪᠡᠶᠡ ᠶᠢᠨ ᠪᠠᠶᠢᠯᠳᠤᠬᠤ ᠪᠤᠳ᠋ᠤᠯᠭᠠ ᠶᠢᠨ ᠮᠡᠷᠭᠡᠵᠢᠯ ᠦᠨ ᠬᠢᠷᠢ ᠬᠡᠮᠵᠢᠶᠡ ᠶᠢ ᠳᠡᠭᠡᠭᠰᠢᠯᠡᠭᠦᠯᠬᠦ ᠶᠢᠨ ᠲᠥᠯᠥᠭᠡ᠂ ᠳᠤᠮᠳᠠᠳᠤ ᠤᠯᠤᠰ ᠤᠨ ᠠᠷᠠᠳ ᠤᠨ ᠶᠠᠫᠣᠨ ᠢ ᠡᠰᠡᠷᠭᠦᠴᠡᠬᠦ ᠤᠯᠠᠭᠠᠨ ᠴᠡᠷᠢᠭ ᠦᠨ ᠶᠡᠬᠡ ᠰᠤᠷᠭᠠᠭᠤᠯᠢ ᠱᠠᠨᠪᠸᠢ ᠵᠢᠨ ᠸᠠ ᠶᠣᠣ ᠪᠦᠦ ᠳᠦ ᠪᠠᠶᠢᠭᠤᠯᠤᠭᠳᠠᠪᠠ᠃ 1937 ᠣᠨ ᠤ 1  ᠰᠠᠷᠠ ᠶᠢᠨ 20᠋ ᠤ ᠡᠳᠦᠷ᠂ ᠤᠯᠠᠭᠠᠨ ᠴᠡᠷᠢᠭ ᠦᠨ ᠶᠡᠬᠡ ᠰᠤᠷᠭᠠᠭᠤᠯᠢ ᠲᠥᠪ ᠦᠨ ᠪᠠᠶᠢᠭᠤᠯᠭᠠ ᠶᠢ ᠳᠠᠭᠠᠨ ᠶᠠᠨ ᠠᠨ ᠳᠤ ᠨᠡᠭᠦᠵᠦ᠂ ᠳᠤᠮᠳᠠᠳᠤ ᠤᠯᠤᠰ ᠤᠨ ᠠᠷᠠᠳ ᠤᠨ ᠶᠠᠫᠣᠨ ᠢ ᠡᠰᠡᠷᠭᠦᠴᠡᠬᠦ ᠴᠡᠷᠢᠭ ᠦᠨ ᠶᠠᠪᠤᠳᠠᠯ ᠤᠯᠤᠰ ᠲᠦᠷᠦ ᠶᠢᠨ ᠶᠡᠬᠡ ᠰᠤᠷᠭᠠᠭᠤᠯᠢ ᠭᠡᠵᠦ ᠬᠠᠯᠠᠪᠠ᠃ 1945 ᠣᠨ ᠤ 8  ᠰᠠᠷᠠ ᠳᠤ᠂ ᠶᠠᠫᠣᠨ ᠢ ᠡᠰᠡᠷᠭᠦᠴᠡᠬᠦ ᠳᠠᠶᠢᠨ ᠦ ᠢᠯᠠᠯᠲᠠ ᠶᠢ ᠳᠠᠭᠠᠯᠳᠤᠨ᠂ ᠶᠠᠫᠣᠨ ᠢ ᠡᠰᠡᠷᠭᠦᠴᠡᠬᠦ ᠶᠡᠬᠡ ᠰᠤᠷᠭᠠᠭᠤᠯᠢ ᠲᠡᠦᠬᠡᠲᠦ ᠡᠭᠦᠷᠭᠡ ᠪᠡᠨ ᠪᠡᠶᠡᠯᠡᠭᠦᠯᠵᠡᠶ᠃ 10  ᠰᠠᠷᠠ ᠳᠤ᠂ ᠤᠤᠯ ᠤᠨ ᠶᠠᠫᠣᠨ ᠢ ᠡᠰᠡᠷᠭᠦᠴᠡᠬᠦ ᠶᠡᠬᠡ ᠰᠤᠷᠭᠠᠭᠤᠯᠢ ᠶᠢᠨ ᠶᠡᠷᠦᠩᠬᠡᠶ ᠰᠤᠷᠭᠠᠭᠤᠯᠢ ᠶᠢᠨ ᠨᠢᠭᠡ ᠪᠦᠯᠦᠭ ᠪᠠᠭᠰᠢ ᠰᠤᠷᠤᠭᠴᠢ ᠲᠥᠪ ᠦᠨ ᠴᠡᠷᠢᠭ ᠦᠨ ᠶᠠᠪᠤᠳᠠᠯ ᠤᠨ ᠬᠣᠷᠢᠶᠠᠨ ᠤ ᠵᠠᠷᠯᠢᠭ ᠢᠶᠠᠷ ᠵᠡᠭᠦᠨ ᠬᠣᠶᠢᠲᠤ ᠣᠷᠣᠨ ᠵᠦᠭ ᠤᠷᠤᠭᠰᠢᠯᠠᠵᠤ᠂ 1946 ᠣᠨ ᠤ 2  ᠰᠠᠷᠠ ᠶᠢᠨ ᠰᠡᠭᠦᠯᠴᠢ ᠪᠡᠷ ᠭᠢᠷᠢᠨ ᠦ ᠲᠦᠩ  ᠬᠦᠷᠴᠦ᠂ ᠵᠡᠭᠦᠨ ᠬᠣᠶᠢᠲᠤ ᠶᠢᠨ ᠴᠡᠷᠢᠭ ᠦᠨ ᠶᠠᠪᠤᠳᠠᠯ ᠤᠯᠤᠰ ᠲᠦᠷᠦ ᠶᠢᠨ ᠶᠡᠬᠡ ᠰᠤᠷᠭᠠᠭᠤᠯᠢ ᠶᠢ ᠪᠡᠯᠡᠳᠬᠡᠨ ᠪᠠᠶᠢᠭᠤᠯᠪᠠ᠃ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭᠠ ᠪᠡᠭᠡᠵᠢᠩ ᠳᠦ ᠨᠡᠭᠦᠨ᠂ ᠥᠨᠥᠳᠦᠷ ᠦᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠶᠡᠬᠡ ᠰᠤᠷᠭᠠᠭᠤᠯᠢ   ᠃