ᠵᠤᠬᠢᠶᠠᠭᠴᠢ: 
							ᠴᠠᠭ:2025-07-07
							ᠥᠵᠡᠭᠰᠡᠨ :  ℃
                                                        ᠢᠷᠡᠯᠲᠡ:        
						
						
							ᠶᠠᠫᠣᠨ ᠤ ᠲᠦᠷᠢᠮᠡᠬᠡᠶ ᠴᠡᠷᠢᠭ ᠯᠦ ᠭᠧᠤ ᠴᠢᠶᠣᠤ ᠶᠢᠨ ᠬᠡᠷᠡᠭ ᠬᠤᠪᠢᠰᠤᠯ ᠢ ᠡᠭᠦᠰᠭᠡᠪᠡ						
						
						
 
1937 ᠣᠨ ᠤ 7  ᠰᠠᠷᠠ ᠶᠢᠨ 7 ᠤ ᠡᠳᠦᠷ᠂ ᠶᠠᠫᠣᠨ ᠤ ᠲᠦᠷᠢᠮᠡᠬᠡᠶ ᠴᠡᠷᠢᠭ ᠯᠦ ᠭᠸᠤ ᠴᠢᠶᠣᠤ ᠶᠢᠨ ᠬᠡᠷᠡᠭ ᠬᠤᠪᠢᠰᠤᠯ (ᠳᠣᠯᠣᠭᠠᠨ ᠰᠠᠷᠠ ᠶᠢᠨ ᠳᠣᠯᠣᠭᠠᠨ ᠤ ᠬᠡᠷᠡᠭ ᠬᠤᠪᠢᠰᠤᠯ) ᠢ ᠡᠭᠦᠰᠭᠡᠨ ᠂ ᠲᠤᠬᠠᠶ ᠶᠢᠨ ᠭᠠᠵᠠᠷ ᠲᠤ ᠰᠠᠭᠤᠭᠠ ᠳᠤᠮᠳᠠᠳᠤ ᠤᠯᠤᠰ ᠤᠨ ᠴᠡᠷᠢᠭ ᠡᠷᠡᠯᠬᠡᠭᠯᠡᠨ ᠡᠰᠡᠷᠭᠦᠴᠡᠪᠡ᠃ ᠯᠦ ᠭᠸᠤ ᠴᠢᠶᠣᠤ ᠶᠢᠨ ᠬᠡᠷᠡᠭ ᠬᠤᠪᠢᠰᠤᠯ ᠨᠢ ᠶᠠᠫᠣᠨ ᠤ ᠴᠡᠷᠢᠭᠯᠡᠬᠦ ᠦᠵᠡᠯ ᠦᠨ ᠳᠤᠮᠳᠠᠳᠤ ᠤᠯᠤᠰ ᠢ ᠪᠦᠬᠦ ᠲᠠᠯᠠ ᠪᠠᠷ ᠲᠦᠷᠢᠮᠡᠬᠡᠶᠢᠯᠡᠬᠦ ᠳᠠᠶᠢᠨ ᠳᠡᠭᠳᠡᠭᠡᠭᠰᠡᠨ ᠢ ᠬᠠᠷᠠᠭᠤᠯᠵᠤ ᠪᠠᠶᠢᠬᠤ ᠪᠥᠭᠡᠳ ᠪᠠᠰᠠ ᠳᠤᠮᠳᠠᠳᠤ ᠤᠯᠤᠰ ᠤᠨ ᠠᠷᠠᠳ ᠲᠦᠮᠡᠨ ᠦ ᠶᠠᠫᠣᠨ ᠢ ᠡᠰᠡᠷᠭᠦᠴᠡᠬᠦ ᠳᠠᠶᠢᠨ ᠪᠦᠬᠦ ᠲᠠᠯᠠ ᠪᠠᠷ ᠡᠭᠦᠰᠦᠭᠰᠡᠨ ᠢ ᠬᠠᠷᠠᠭᠤᠯᠵᠤ ᠪᠠᠶᠢᠨᠠ᠂ ᠳᠠᠷᠤᠶ ᠪᠦᠬᠦ ᠤᠯᠤᠰ ᠤᠨ ᠶᠠᠫᠣᠨ ᠢ ᠡᠰᠡᠷᠭᠦᠴᠡᠬᠦ ᠳᠠᠶᠢᠨ ᠡᠬᠢᠯᠡᠭᠰᠡᠨ ᠢ ᠬᠠᠷᠠᠭᠤᠯᠵᠤ ᠪᠠᠶᠢᠨᠠ ᠃