ᠵᠤᠬᠢᠶᠠᠭᠴᠢ:
ᠴᠠᠭ:2025-07-13
ᠥᠵᠡᠭᠰᠡᠨ : ℃
ᠢᠷᠡᠯᠲᠡ:
ᠳᠤᠮᠳᠠᠳᠤ ᠣᠷᠣᠨ ᠤ ᠴᠢᠯᠥᠭᠡᠯᠡᠬᠦ ᠴᠡᠷᠢᠭ ᠳᠣᠯᠣᠭᠠᠨᠲᠠ ᠪᠠᠶᠢᠯᠳᠤᠵᠤ ᠳᠣᠯᠣᠭᠠᠨᠲᠠ ᠢᠯᠠᠯᠲᠠ ᠣᠯᠪᠠ
1946 ᠣᠨ ᠤ 7 ᠰᠠᠷ᠎ᠠ ᠶᠢᠨ 13 ᠤ ᠡᠳᠦᠷ᠂ ᠳᠤᠮᠳᠠᠳᠤ ᠣᠷᠣᠨ ᠤ ᠬᠡᠭᠡᠷᠡᠯᠡᠨ ᠪᠠᠶᠢᠯᠳᠤᠬᠤ ᠴᠡᠷᠢᠭ ᠵᠢᠶᠠᠩᠰᠦ ᠶᠢᠨ ᠳᠤᠮᠳᠠ ᠬᠡᠰᠡᠭ ᠦᠨ ᠳᠠᠶᠢᠯᠠᠯᠳᠤᠭᠠᠨ ᠢ ᠡᠬᠢᠯᠡᠭᠦᠯᠪᠡ᠃ ᠵᠢᠶᠠᠩᠰᠦ ᠶᠢᠨ ᠳᠤᠮᠳᠠ ᠬᠡᠰᠡᠭ ᠦᠨ ᠳᠠᠶᠢᠯᠠᠯᠳᠤᠭᠠᠨ ᠢ ᠪᠠᠰᠠ ᠳᠣᠯᠣᠭᠠᠨᠲᠠ ᠪᠠᠶᠢᠯᠳᠤᠵᠤ ᠳᠣᠯᠣᠭᠠᠨᠲᠠ ᠢᠯᠠᠪᠠ ᠭᠡᠳᠡᠭ᠂ ᠲᠡᠷᠡ ᠨᠢ ᠴᠢᠯᠥᠭᠡᠯᠡᠬᠦ ᠳᠠᠶᠢᠨ ᠦ ᠦᠶ᠎ᠡ ᠳᠦ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠵᠢᠶᠠᠩᠰᠦ ᠶᠢᠨ ᠳᠤᠮᠳᠠ ᠬᠡᠰᠡᠭ ᠦᠨ ᠭᠠᠵᠠᠷ ᠣᠷᠣᠨ ᠳᠤ ᠭᠣᠮᠢᠨᠳᠠᠩ ᠤᠨ ᠳᠣᠪᠲᠣᠯᠤᠯᠲᠠ ᠶᠢ ᠪᠣᠲᠠ ᠨᠢᠷᠭᠡᠭᠰᠡᠨ ᠠᠯᠳᠠᠷᠲᠤ ᠳᠠᠶᠢᠯᠠᠯᠳᠤᠭᠠᠨ ᠪᠣᠯᠤᠨ᠎ᠠ ᠃