ᠵᠤᠬᠢᠶᠠᠭᠴᠢ:
ᠴᠠᠭ:2020-06-23
ᠥᠵᠡᠭᠰᠡᠨ : ℃
ᠢᠷᠡᠯᠲᠡ:
ᠦᠬᠠᠶ ᠬᠣᠲᠠ ᠬᠠᠶᠢᠨᠠᠨ ᠲᠣᠭᠣᠷᠢᠭ
ᠦᠬᠠᠶ ᠬᠣᠲᠠ ᠶᠢᠨ ᠬᠠᠶᠢᠨᠠᠨ ᠲᠣᠭᠣᠷᠢᠭ ᠬᠠᠳᠤᠨ ᠭᠣᠣᠯ ᠤᠷᠤᠰᠬᠠᠯ ᠳᠤ ᠪᠠᠶᠢᠷᠢᠯᠠᠵᠤ ᠂ ᠵᠡᠭᠦᠨᠰᠢ ᠪᠡᠨ ᠤᠷᠳᠤᠰ ᠤᠨ ᠥᠨᠳᠥᠷᠯᠢᠭ ᠲᠡᠶ ᠬᠥᠷᠰᠢᠯᠡᠵᠦ ᠂ ᠡᠮᠦᠨᠡᠰᠢ ᠪᠡᠨ ᠨᠢᠩᠰᠢᠶᠠ ᠶᠢᠨ ᠬᠣᠲᠣᠩ ᠦᠨᠳᠦᠰᠦᠲᠡᠨ ᠦ ᠥᠪᠡᠷᠲᠡᠭᠡᠨ ᠵᠠᠰᠠᠬᠤ ᠣᠷᠣᠨ ᠲᠠᠶ ᠭᠣᠣᠯ ᠠᠯᠤᠰᠯᠠᠵᠤ ᠂ ᠪᠠᠷᠠᠭᠤᠨᠰᠢ ᠠᠯᠠᠱᠠ ᠶᠢᠨ ᠲᠠᠯ᠎ᠠ ᠨᠤᠲᠤᠭ ᠲᠠᠶ ᠵᠠᠯᠭᠠᠯᠳᠤᠵᠤ ᠂ ᠬᠣᠶᠢᠰᠢ ᠪᠠᠨ ᠪᠣᠷᠣ ᠲᠣᠬᠣᠢ ᠶᠢᠨ ᠲᠠᠯ᠎ᠠ ᠭᠠᠵᠠᠷ ᠢ ᠲᠦᠰᠢᠵᠦ ᠂ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠦᠨ ᠰᠢᠨ᠎ᠡ ᠮᠠᠶ᠋ᠢᠭ ᠤᠨ ᠠᠵᠤ ᠦᠶᠯᠡᠳᠪᠦᠷᠢ ᠶᠢᠨ ᠬᠣᠲᠠ ᠪᠣᠯᠬᠤ ᠪᠥᠭᠡᠳ ᠪᠠᠰᠠ ᠱᠠᠨᠰᠢ ᠭᠠᠨᠰᠦ ᠨᠢᠩᠰᠢᠶᠠ ᠥᠪᠥᠷ ᠮᠣᠩᠭᠣᠯ ᠤᠨ ᠠᠵᠤ ᠠᠬᠤᠢ ᠶᠢᠨ ᠣᠷᠣᠨ ᠤ ᠠᠭᠤᠯᠵᠠᠷ ᠬᠡᠰᠡᠭ ᠪᠣᠯᠤᠨ ᠬᠠᠳᠤᠨ ᠭᠣᠸᠯ ᠳᠠᠭᠠᠸ ᠶᠢᠨ ᠠᠵᠤ ᠠᠬᠤᠢ ᠶᠢᠨ ᠪᠦᠰᠡ ᠶᠢᠨ ᠲᠥᠪ ᠣᠷᠣᠨ ᠪᠣᠯᠤᠨ᠎ᠠ᠃
ᠬᠠᠶᠢᠨᠠᠨ ᠲᠣᠭᠣᠷᠢᠭ 1976 ᠣᠨ ᠳᠤ ᠪᠠᠶᠢᠭᠤᠯᠤᠭᠳᠠᠵᠤ ᠂ ᠦᠬᠠᠶ ᠬᠣᠲᠠ ᠶᠢᠨ ᠭᠤᠷᠪᠠᠨ ᠬᠠᠷᠢᠶ᠎ᠠ ᠲᠣᠭᠣᠷᠢᠭ ᠤᠨ ᠨᠢᠭᠡ ᠃ ᠲᠠᠯᠠᠪᠠᠶ ᠨᠢ 1005 ᠲᠡᠭᠰᠢ ᠳᠥᠷᠪᠡᠯᠵᠢᠨ ᠺᠢᠯᠣᠮᠧᠲ᠋ᠷ ᠂ ᠶᠡᠷᠦᠩᠬᠡᠶ ᠬᠥᠮᠦᠨ ᠠᠮᠠ ᠨᠢ 10.65 ᠲᠦᠮᠡᠨ ᠬᠥᠮᠦᠨ ᠪᠠᠶᠢᠵᠤ ᠂ ᠬᠢᠲᠠᠳ ᠂ ᠮᠣᠩᠭᠣᠯ ᠂ ᠬᠣᠲᠣᠩ ᠂ ᠮᠠᠨᠵᠤ ᠵᠡᠷᠭᠡ 25 ᠦᠨᠳᠦᠰᠦᠲᠡᠨ ᠢᠶᠡᠷ ᠪᠦᠷᠢᠯᠳᠦᠵᠡᠶ ᠃ ᠪᠦᠬᠦ ᠣᠷᠣᠨ ᠤ ᠬᠠᠷᠢᠶᠠᠨ ᠳᠤ ᠭᠤᠷᠪᠠᠨ ᠪᠠᠯᠭᠠᠰᠤ᠂ ᠬᠣᠶᠠᠷ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠᠶᠠᠨᠲᠣᠬᠣᠢ ᠪᠠᠯᠭᠠᠰᠤ ᠂ ᠪᠠᠯᠭᠠᠰᠤ᠂ ᠪᠠᠯᠭᠠᠰᠤ᠂ ᠷᠠᠰᠠᠩ ᠵᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠪᠠᠷᠠᠭᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠤᠢ᠃ ᠳᠣᠲᠣᠷ᠎ᠠ ᠨᠢᠭᠡᠨᠲᠡ ᠬᠠᠶᠢᠨ ᠳᠣᠲᠣᠯᠠᠭᠰᠠᠨ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ 30 ᠭᠠᠷᠤᠶ ᠵᠦᠢᠯ ᠡᠭᠦᠨ ᠨᠡᠭᠦᠷᠡᠰᠦ 8.3 ᠳ᠋ᠦᠩᠰᠢᠭᠤᠷ ᠲᠣᠨ᠂ ᠴᠤᠬᠤᠢ ᠶᠢᠨ ᠴᠢᠯᠠᠭᠤ 23.6 ᠳ᠋ᠦᠩᠰᠢᠭᠤᠷ ᠲᠣᠨ ᠪᠠᠶᠢᠵᠤ᠂ ᠡᠳᠡᠭᠡᠷ ᠡᠬᠢ ᠪᠠᠶᠠᠯᠢᠭ ᠤᠨ ᠴᠢᠨᠠᠷ ᠨᠢ ᠰᠠᠢᠢᠨ᠂ ᠨᠡᠭᠡᠭᠡᠨ ᠮᠠᠯᠲᠠᠬᠤ ᠳᠤ ᠂ ᠬᠠᠷᠢᠴᠠᠩᠭᠤᠶ ᠢᠵᠢ ᠂ ᠠᠵᠤ ᠠᠰᠢᠭᠯᠠᠯᠲᠠ ᠶᠢᠨ ᠦᠷᠳᠡᠭ ᠨᠢ ᠥᠨᠳᠥᠷ ᠃ ᠬᠠᠲᠤᠨ ᠳᠣᠲᠣᠷ᠎ᠠ 73 ᠺᠢᠯᠣᠮᠧᠲ᠋ᠷ ᠤᠷᠤᠰᠤᠨ ᠥᠩᠭᠡᠷᠡᠵᠦ ᠂ ᠵᠢᠯ ᠦᠨ ᠳᠤᠮᠳᠠᠴᠢ ᠤᠷᠤᠰᠴᠠ ᠨᠢ 320 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲ᠋ᠷ ᠪᠠᠶᠢᠵᠤ ᠂ ᠠᠵᠤ ᠦᠶᠯᠡᠳᠪᠦᠷᠢ ᠲᠠᠷᠢᠶᠠᠯᠠᠩ ᠤᠨ ᠬᠥᠭᠵᠢᠯᠲᠡ ᠶᠢᠨ ᠬᠡᠷᠡᠭᠴᠡᠭᠡ ᠶᠢ ᠨᠡᠯᠢᠶᠡᠳ ᠰᠠᠶᠢᠨ ᠬᠠᠩᠭᠠᠵᠤ ᠃