ᠵᠤᠬᠢᠶᠠᠭᠴᠢ:
ᠴᠠᠭ:2020-06-07
ᠥᠵᠡᠭᠰᠡᠨ : ℃
ᠢᠷᠡᠯᠲᠡ:
ᠤᠯᠠᠭᠠᠨᠴᠠᠪ ᠤᠨ ᠳᠠᠭ᠎ᠠ ᠶᠢᠨ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠬᠠᠳᠤᠨ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠭᠤᠯᠪᠠ
2015 ᠣᠨ ᠳᠤ ᠂ ᠤᠯᠠᠭᠠᠨᠴᠠᠪ ᠬᠣᠲᠠ ᠶᠢᠨ ᠯᠢᠶᠠᠩᠴᠧᠩ ᠰᠢᠶᠠᠨ ᠤ ᠳᠠᠭ᠎ᠠ ᠶᠢᠨ ᠨᠠᠭᠤᠷ ᠤᠨ ᠨᠤᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠨᠢ ᠬᠠᠲᠤᠨ ᠨᠤᠭᠤ ᠭᠠᠵᠠᠷ ᠤᠨ ᠬᠠᠮᠠᠭᠠᠯᠠᠯᠲᠠ ᠶᠢᠨ ᠰᠦᠯᠵᠢᠶᠡᠨ ᠳᠦ ᠣᠷᠣᠬᠤ ᠪᠠᠷ ᠵᠢᠩᠬᠢᠨᠢ ᠪᠡᠷ ᠭᠤᠶᠤᠴᠢᠯᠠᠭᠰᠠᠨ ᠪᠥᠭᠡᠳ ᠲᠣᠰ ᠵᠢᠯ ᠦᠨ 9 ᠰᠠᠷ᠎ᠠ ᠳᠤ ᠠᠮᠵᠢᠯᠲᠠ ᠲᠠᠶ ᠪᠠᠷ ᠵᠥᠪᠰᠢᠶᠡᠷᠡᠭᠳᠡᠪᠡ ᠃
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠤᠯᠠᠭᠠᠨᠴᠠᠪ ᠬᠣᠲᠠ ᠶᠢᠨ ᠯᠢᠶᠠᠩᠴᠧᠩ ᠰᠢᠶᠠᠨ ᠤ ᠬᠣᠲᠠ ᠵᠡᠭᠦᠨ ᠳᠠᠭ᠎ᠠ ᠶᠢᠨ ᠨᠠᠭᠤᠷ ᠵᠡᠭᠦᠨᠰᠢ ᠪᠠᠷᠠᠭᠤᠨᠰᠢ ᠣᠷᠳᠣ ᠨᠢ ᠪᠠᠷᠤᠭ 25 ᠺᠢᠯᠣᠮᠧᠲ᠋ᠷ ᠂ ᠡᠮᠦᠨᠡᠰᠢ ᠤᠮᠠᠷᠠᠰᠢ ᠥᠷᠭᠡᠨ ᠨᠢ ᠪᠠᠷᠤᠭ 20 ᠺᠢᠯᠣᠮᠧᠲ᠋ᠷ ᠪᠠᠶᠢᠳᠠᠭ ᠃ ᠨᠠᠭᠤᠷ ᠤᠨ ᠱᠤᠭᠤᠮ ᠤᠨ ᠣᠷᠳᠣ ᠨᠢ 61.56 ᠺᠢᠯᠣᠮᠧᠲ᠋ᠷ ᠂ ᠨᠠᠭᠤᠷ ᠤᠨ ᠲᠠᠯᠠᠪᠠᠶ ᠨᠢ 160 ᠲᠡᠭᠰᠢ ᠳᠥᠷᠪᠡᠯᠵᠢᠨ ᠺᠢᠯᠣᠮᠧᠲ᠋ᠷ ᠃ ᠳᠤᠮᠳᠠᠴᠢ ᠤᠰᠤᠨ ᠤ ᠭᠦᠨ ᠨᠢ 9 ᠮᠧᠲ᠋ᠷ ᠣᠷᠴᠢᠮ ᠪᠠᠶᠢᠵᠤ ᠂ ᠬᠠᠮᠤᠭ ᠤᠨ ᠭᠦᠨ ᠨᠢ 18 ᠮᠧᠲ᠋ᠷ ᠪᠠᠶᠢᠵᠤ ᠂ ᠪᠠᠭᠲᠠᠭᠠᠮᠵᠢ ᠨᠢ 9.89 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲ᠋ᠷ ᠪᠣᠯᠤᠨ᠎ᠠ ᠃ ᠳᠠᠭ᠎ᠠ ᠶᠢᠨ ᠨᠠᠭᠤᠷ ᠤᠨ ᠡᠷᠭᠢᠨ ᠲᠣᠭᠣᠷᠢᠨ ᠤ ᠨᠤᠭᠤ ᠭᠠᠵᠠᠷ ᠤᠨ ᠣᠷᠴᠢᠨ ᠲᠣᠭᠣᠷᠢᠨ ᠤ ᠬᠠᠮᠠᠭᠠᠯᠠᠯᠲᠠ ᠰᠠᠶᠢᠨ ᠨᠤᠭᠤ ᠭᠠᠵᠠᠷ ᠤᠨ ᠶᠡᠷᠦᠩᠬᠡᠶ ᠲᠠᠯᠠᠪᠠᠢ ᠨᠢ 2.7 ᠲᠦᠮᠡᠨ ᠾᠧᠺᠲ᠋ᠠᠷ ᠪᠠᠶᠢᠵᠤ ᠂ ᠣᠷᠣᠨ ᠪᠦᠰᠡ ᠶᠢᠨ ᠤᠰᠤ ᠡᠪᠡᠰᠦ ᠡᠯᠪᠡᠭ ᠰᠠᠶᠢᠬᠠᠨ ᠂ ᠰᠠᠶᠢᠷᠭᠠᠯ ᠲᠠᠯ᠎ᠠ ᠨᠤᠲᠤᠭ ᠥᠷᠭᠡᠨ ᠠᠭᠤᠳᠠᠮ ᠂ ᠡᠬᠢ ᠪᠠᠶᠠᠯᠢᠭ ᠡᠯᠪᠡᠭ ᠳᠡᠯᠪᠡᠭ ᠃ ᠨᠤᠭᠤ ᠭᠠᠵᠠᠷ ᠤᠨ ᠤᠷᠭᠤᠮᠠᠯ 56 ᠲᠥᠷᠥᠯ ᠂ 5 ᠲᠦᠮᠡᠨ ᠮᠦ ᠪᠠᠶᠢᠵᠤ ᠂ 2009 ᠣᠨ ᠳᠤ ᠤᠯᠤᠰ ᠠᠴᠠ 4A ᠲᠡᠰ ᠤᠨ ᠦᠵᠡᠮᠵᠢ ᠶᠢᠨ ᠣᠷᠣᠨ ᠢᠶᠠᠷ ᠃
ᠬᠠᠲᠤᠨ ᠰᠠᠪᠠ ᠭᠠᠵᠠᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠰᠦᠯᠵᠢᠶ᠎ᠡ 2014 ᠣᠨ ᠤ 10 ᠰᠠᠷ᠎ᠠ ᠶᠢᠨ 21 ᠡᠳᠦᠷ ᠪᠠᠶᠢᠭᠤᠯᠤᠭᠳᠠᠵᠤ ᠂ ᠬᠠᠲᠤᠨ ᠰᠠᠪᠠ ᠭᠠᠵᠠᠷ ᠤᠨ 9 ᠮᠤᠵᠢ ᠣᠷᠣᠨ ᠨᠤᠭᠤ ᠭᠠᠵᠠᠷ ᠤᠨ ᠬᠠᠮᠢᠶᠠᠷᠤᠯᠲᠠ ᠶᠢᠨ ᠪᠠᠶᠢᠭᠤᠯᠤᠮᠵᠢ ᠂ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠂ ᠨᠤᠭᠤ ᠭᠠᠵᠠᠷ ᠤᠨ ᠴᠡᠴᠡᠷᠯᠢᠭ ᠂ ᠨᠤᠭᠤ ᠭᠠᠵᠠᠷ ᠤᠨ ᠰᠤᠳᠤᠯᠭᠠᠨ ᠤ ᠨᠢᠭᠡᠴᠡ ᠂ ᠨᠤᠭᠤ ᠭᠠᠵᠠᠷ ᠢ ᠬᠠᠮᠠᠭᠠᠯᠠᠬᠤ ᠨᠡᠶᠢᠭᠡᠮ ᠦᠨ ᠪᠦᠯᠬᠦᠮ ᠵᠡᠷᠭᠡ ᠪᠡᠷ ᠪᠦᠷᠢᠯᠳᠦᠪᠡ ᠃ ᠪᠠᠶᠢᠭᠤᠯᠤᠭᠳᠠᠭᠰᠠᠨ ᠠᠴᠠ ᠬᠠᠲᠤᠨ ᠰᠠᠪᠠ ᠭᠠᠵᠠᠷ ᠤᠨ ᠨᠤᠭᠤ ᠭᠠᠵᠠᠷ ᠤᠨ ᠬᠠᠮᠠᠭᠠᠯᠠᠯᠲᠠ ᠶᠢ ᠠᠬᠢᠭᠤᠯᠬᠤ ᠶᠢᠨ ᠲᠥᠯᠥᠭᠡ ᠰᠠᠪᠠ ᠭᠠᠵᠠᠷ ᠨᠤᠭᠤ ᠭᠠᠵᠠᠷ ᠤᠨ ᠬᠠᠮᠠᠭᠠᠯᠠᠯᠲᠠ ᠬᠠᠮᠢᠶᠠᠷᠤᠯᠲᠠ ᠶᠢᠨ ᠬᠢᠷᠢ ᠲᠦᠪᠰᠢᠨ ᠂ ᠤᠯᠤᠰ ᠤᠨ ᠳᠣᠲᠣᠭᠠᠳᠤ ᠶᠢᠨ ᠣᠯᠠᠨ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠬᠠᠮᠵᠢᠯᠴᠠᠭ᠎ᠠ ᠶᠢ ᠴᠢᠩᠭᠠᠳᠬᠠᠵᠤ ᠂ ᠡᠬᠢ ᠪᠠᠶᠠᠯᠢᠭ ᠬᠢᠭᠡᠳ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠶᠢ ᠂ ᠬᠠᠳᠤᠨ ᠰᠠᠪᠠ ᠭᠠᠵᠠᠷ ᠤᠨ ᠨᠤᠭᠤ ᠭᠠᠵᠠᠷ ᠤᠨ ᠡᠬᠢ ᠪᠠᠶᠠᠯᠢᠭ ᠢ ᠵᠦᠶ ᠵᠣᠬᠢᠰᠲᠠᠶ ᠠᠰᠢᠭᠯᠠᠬᠤ ᠪᠠ ᠶᠢ ᠠᠬᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠪᠡ᠃
ᠥᠪᠥᠷ ᠮᠣᠩᠭᠣᠯ ᠤᠨ ᠡᠳᠦᠷ ᠦᠨ ᠰᠣᠨᠢᠨ ᠮᠡᠳᠡᠭᠡᠯᠡᠭᠰᠡᠨ ᠢᠶᠡᠷ ᠄ ᠬᠠᠳᠤᠨ ᠰᠠᠪᠠ ᠭᠠᠵᠠᠷ ᠤᠨ ᠨᠤᠭᠤ ᠭᠠᠵᠠᠷ ᠤᠨ ᠰᠦᠯᠵᠢᠶᠡᠨ ᠦ ᠪᠦᠷᠢᠯᠳᠦᠬᠦᠨ ᠪᠣᠯᠤᠭᠰᠠᠨ ᠤ ᠳᠠᠷᠠᠭ᠎ᠠ ᠂ ᠳᠠᠭ᠎ᠠ ᠶᠢᠨ ᠨᠠᠭᠤᠷ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠮᠡᠷᠭᠡᠵᠢᠯ ᠦᠨ ᠵᠥᠪᠯᠡᠯᠭᠡ ᠂ ᠮᠡᠳᠡᠭᠡ ᠵᠠᠩᠭᠢ ᠶᠢᠨ ᠰᠣᠯᠢᠯᠴᠠᠭ᠎ᠠ ᠂ ᠠᠵᠢᠯᠲᠠᠨ ᠤ ᠪᠠ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠵᠡᠷᠭᠡ ᠲᠠᠯ᠎ᠠ ᠪᠠᠷ ᠰᠢᠨ᠎ᠡ ᠳᠡᠭᠲᠡᠷ ᠲᠦ ᠭᠠᠷᠬᠤ ᠪᠣᠯᠤᠮᠵᠢ ᠲᠠᠶ ᠪᠠᠶᠢᠨ᠎ᠠ ᠃