ᠵᠤᠬᠢᠶᠠᠭᠴᠢ:
ᠴᠠᠭ:2020-06-05
ᠥᠵᠡᠭᠰᠡᠨ : ℃
ᠢᠷᠡᠯᠲᠡ:
ᠴᠢᠯᠥᠭᠡᠯᠡᠬᠦ ᠳᠠᠢᠨ ᠤ ᠦᠶ᠎ᠡ ᠶᠢᠨ ᠬᠤᠪᠢᠰᠬᠠᠯᠲᠤ ᠲᠡᠮᠡᠴᠡᠯ ᠰᠤᠳᠤᠯᠤᠯ
ᠵᠤᠤ ᠮᠢᠨ ᠦ ᠨᠠᠶᠢᠷᠠᠭᠤᠯᠤᠨ ᠪᠢᠴᠢᠭᠰᠡᠨ ᠴᠢᠯᠥᠭᠡᠯᠡᠬᠦ ᠳᠠᠶᠢᠨ ᠦ ᠦᠶ᠎ᠡ ᠶᠢᠨ ᠥᠪᠥᠷ ᠮᠣᠩᠭᠣᠯ ᠤᠨ ᠦᠨᠳᠦᠰᠦᠲᠡᠨ ᠦ ᠬᠥᠳᠡᠯᠭᠡᠭᠡᠨ ᠮᠣᠩᠭᠣᠯ ᠲᠡᠦᠬᠡ ᠰᠤᠳᠤᠯᠤᠯ ᠳᠥᠷᠪᠡᠳᠦᠭᠡᠷ ᠡᠮᠬᠢᠳᠬᠡᠯ᠂ ᠥᠪᠥᠷ ᠮᠣᠩᠭᠣᠯ ᠤᠨ ᠠᠷᠠᠳ ᠤᠨ ᠬᠡᠪᠯᠡᠯ ᠦᠨ ᠬᠣᠷᠢᠢ᠎ᠠ 1993 ᠣᠨ ᠳᠤ ᠬᠡᠪᠯᠡᠪᠡ ᠨᠢ ᠶᠠᠫᠣᠨ ᠪᠠᠭᠤᠵᠤ ᠥᠭᠭᠦᠭᠰᠡᠨ ᠦ ᠳᠠᠷᠠᠭ᠎ᠠ ᠢᠯᠡᠷᠡᠭᠰᠡᠨ ᠡᠯ᠎ᠡ ᠵᠦᠢᠯ ᠦᠨ ᠦᠨᠳᠦᠰᠦᠲᠡᠨ ᠦ ᠦᠵᠡᠯ ᠪᠦᠬᠦᠢ ᠮᠣᠩᠭᠣᠯ ᠦᠨᠳᠦᠰᠦᠲᠡᠨ ᠦ ᠬᠥᠳᠡᠯᠭᠡᠭᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠭᠰᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠬᠥᠳᠡᠯᠭᠡᠭᠡᠨ ᠪᠠ ᠥᠪᠥᠷ ᠮᠣᠩᠭᠣᠯ ᠤᠨ ᠦᠨᠳᠦᠰᠦᠲᠡᠨ ᠦ ᠬᠥᠳᠡᠯᠭᠡᠭᠡᠨ ᠦ ᠦᠷ᠎ᠡ ᠳ᠋ᠦᠩ ᠵᠡᠷᠭᠡ ᠠᠰᠠᠭᠤᠳᠠᠯ ᠢ ᠵᠠᠳᠠᠯᠵᠠᠢ᠃
ᠺᠠᠩ ᠵᠢᠶ ᠶᠢᠨ ᠨᠠᠶᠢᠷᠠᠭᠤᠯᠤᠨ ᠪᠢᠴᠢᠭᠰᠡᠨ ᠴᠢᠯᠥᠭᠡᠯᠡᠬᠦ ᠳᠠᠶᠢᠨ ᠦ ᠦᠶ᠎ᠡ ᠶᠢᠨ ᠨᠠᠮ ᠤᠨ ᠥᠪᠥᠷ ᠮᠣᠩᠭᠣᠯ ᠳᠠᠬᠢ ᠦᠨᠳᠦᠰᠦᠲᠡᠨ ᠦ ᠠᠵᠢᠯ ᠦᠨᠳᠦᠰᠦᠲᠡᠨ ᠦ ᠣᠨᠣᠯ ᠤᠨ ᠰᠤᠳᠤᠯᠤᠯ 1993 ᠣᠨ ᠤ 3 ᠳ᠋ᠤᠭᠠᠷ ᠬᠤᠭᠤᠴᠠᠭ᠎ᠠ ᠨᠢ ᠶᠠᠫᠣᠨ ᠢ ᠡᠰᠡᠷᠭᠦᠴᠡᠬᠦ ᠲᠠᠢᠢᠨ ᠢᠯᠠᠯᠲᠠ ᠣᠯᠤᠭᠰᠠᠨ ᠤ ᠲᠠᠷᠠᠭ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠦᠨᠳᠦᠰᠦᠲᠡᠨ ᠨᠦᠭᠦᠳ ᠦᠨ ᠠᠷᠠᠳ ᠲᠦᠮᠡᠨ ᠢ ᠤᠳᠤᠷᠢᠳᠤᠨ ᠥᠷᠨᠢᠭᠦᠯᠦᠭᠰᠡᠨ ᠦᠨᠳᠦᠰᠦᠲᠡᠨ ᠦ ᠣᠷᠣᠨ ᠤ ᠥᠪᠡᠷᠲᠡᠭᠡᠨ ᠵᠠᠰᠠᠬᠤ ᠬᠥᠳᠡᠯᠭᠡᠭᠡᠨ ᠵᠡᠷᠭᠡ ᠲᠡᠦᠬᠡ ᠶᠢᠨ ᠪᠣᠳᠠᠲᠤ ᠪᠠᠶᠢᠳᠠᠯ ᠢ ᠲᠣᠳᠣᠷᠬᠠᠶᠢᠯᠠᠨ ᠥᠭᠦᠯᠡᠵᠡᠢ᠃ ᠯᠢ ᠶᠢᠨ ᠨᠠᠶᠢᠷᠠᠭᠤᠯᠤᠨ ᠪᠢᠴᠢᠭᠰᠡᠨ ᠹᠦ᠋ ᠽᠦᠸᠧ ᠢ ᠶᠢᠨ ᠪᠦᠯᠦᠭ ᠦᠨ ᠣᠨᠴᠠᠯᠢᠭ ᠬᠢᠭᠡᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠣᠮᠢᠨᠳᠠᠩ ᠤᠨ ᠴᠡᠷᠢᠭ ᠢ ᠣᠰᠠᠳᠬᠠᠬᠰᠠᠨ ᠭᠤᠷᠪᠠᠨ ᠵᠦᠢᠯ ᠦᠨ ᠠᠷᠭ᠎ᠠ ᠮᠠᠶ᠋ᠢᠭ ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠭᠦᠯ 1997 ᠣᠨ ᠤ 1 ᠬᠤᠭᠤᠴᠠᠭ᠎ᠠ ᠨᠢ ᠹᠦ᠋ ᠽᠦᠸᠧ ᠢ ᠪᠣᠯ ᠳᠤᠮᠳᠠᠳᠤ ᠤᠯᠤᠰ ᠣᠳᠣ ᠦᠶ᠎ᠡ ᠶᠢᠨ ᠲᠡᠦᠬᠡᠨ ᠳᠡᠬᠢ ᠠᠯᠳᠠᠷᠲᠤ ᠬᠥᠮᠦᠨ ᠭᠡᠵᠦ ᠵᠢᠭᠠᠵᠤ ᠭᠠᠷᠭᠠᠪᠠ ᠃ ᠲᠡᠭᠦᠨ ᠦ ᠤᠳᠤᠷᠢᠳᠤᠭᠰᠠᠨ ᠴᠡᠷᠢᠭ ᠦᠨ ᠶᠠᠪᠤᠳᠠᠯ ᠤᠨ ᠪᠦᠯᠦᠭᠯᠡᠯ ᠨᠢ ᠬᠥᠭᠵᠢᠨ ᠪᠤᠵᠠᠭᠠᠢᠢᠷᠠᠬᠤ ᠶᠠᠪᠤᠴᠠ ᠳᠠᠭᠠᠨ ᠠᠭᠠᠵᠢᠮ ᠢᠶᠠᠷ 3 ᠢᠯᠡᠷᠬᠡᠢ ᠣᠨᠴᠠᠯᠢᠭ ᠢ ᠪᠦᠷᠢᠯᠳᠦᠭᠦᠯᠪᠡ᠂ ᠲᠤᠬᠠᠶᠢᠯᠠᠪᠠᠯ ᠢᠯᠡ ᠲᠣᠳᠣ ᠣᠷᠣᠨ ᠨᠤᠲᠤᠭ ᠤᠨ ᠴᠢᠨᠠᠷ᠂ ᠴᠢᠩᠭ᠎ᠠ ᠰᠦᠷᠡᠬᠡᠢ ᠪᠦᠯᠬᠦᠮᠳᠡᠯ ᠦᠨ ᠴᠢᠨᠠᠷ ᠪᠠ ᠭᠠᠳᠠᠭᠰᠢ ᠢᠯᠡᠷᠡᠭᠰᠡᠨ ᠬᠠᠷᠢᠴᠠᠩᠭᠤᠢ ᠪᠡᠶ᠎ᠡ ᠪᠡᠨ ᠳᠠᠭᠠᠭᠠᠬᠤ ᠴᠢᠨᠠᠷ ᠪᠣᠯᠤᠨ᠎ᠠ᠃ ᠳ᠋ᠦᠩ ᠺᠸ ᠮᠢᠨ ᠦ ᠨᠠᠶᠢᠷᠠᠭᠤᠯᠤᠨ ᠪᠢᠴᠢᠭᠰᠡᠨ ᠰᠦᠢᠶᠤᠸᠠᠨ ᠤ ᠠᠷᠭ᠎ᠠ ᠮᠠᠶ᠋ᠢᠭ ᠢ ᠲᠣᠷᠠᠳᠣᠬᠰᠠᠨ ᠲᠤᠬᠠᠢ ᠲᠤᠷᠰᠢᠨ ᠥᠭᠦᠯᠡᠭᠰᠡᠨ ᠨᠢ ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠭᠦᠯ 1988 ᠣᠨ ᠤ 2 ᠳ᠋ᠤᠭᠠᠷ ᠬᠤᠭᠤᠴᠠᠭ᠎ᠠ ᠂ ᠰᠦᠢᠶᠤᠸᠠᠨ ᠤ〈9•9〉 ᠪᠣᠰᠣᠯᠭ᠎ᠠ ᠶᠢᠨ ᠲᠤᠬᠠᠢ ᠲᠠᠢᠯᠪᠣᠷᠢ ᠰᠢᠭᠦᠮᠵᠢ ᠥᠪᠥᠷ ᠮᠣᠩᠭᠣᠯ ᠤᠨ ᠪᠠᠭᠰᠢ ᠶᠢᠨ ᠶᠡᠬᠡ ᠰᠤᠷᠭᠠᠭᠤᠯᠢ ᠶᠢᠨ ᠡᠷᠳᠡᠮ ᠰᠢᠨᠵᠢᠯᠡᠭᠡᠨ ᠦ ᠰᠡᠳᠭᠦᠯ ᠦᠨ 1990 ᠣᠨ ᠤ 3 ᠳ᠋ᠤᠭᠠᠷ ᠬᠤᠭᠤᠴᠠᠭ᠎ᠠ ᠨᠢ ᠰᠦᠢᠶᠤᠸᠠᠨ ᠤ ᠠᠷᠭ᠎ᠠ ᠮᠠᠶ᠋ᠢᠭ ᠲᠤᠬᠠᠢ ᠳᠤᠷᠠᠳᠤᠯᠭ᠎ᠠ ᠵᠢᠴᠢ ᠦᠨᠳᠦᠰᠦ ᠪᠠᠷᠢᠮᠲᠠ ᠶᠢ ᠦᠬᠦᠯᠡᠭᠰᠡᠨ ᠦ ᠬᠠᠮᠲᠤ ᠰᠦᠢᠶᠤᠸᠠᠨ ᠤ ᠨᠠᠶᠢᠷᠠᠮᠳᠠᠯ ᠢᠶᠠᠷ ᠪᠣᠰᠣᠯᠭ᠎ᠠ ᠭᠠᠷᠭᠠᠬᠰᠠᠨ ᠶᠠᠪᠤᠴᠠ᠂ ᠣᠨᠴᠠᠯᠢᠭ ᠵᠡᠷᠭᠡ ᠶᠢ ᠰᠢᠨᠵᠢᠯᠡᠨ ᠰᠤᠳᠤᠯᠵᠠᠶ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶᠠᠨ ᠤ ᠨᠠᠮ ᠤᠨ ᠮᠠᠲ᠋ᠧᠷᠢᠶᠠᠯ ᠴᠤᠭᠯᠠᠭᠤᠯᠵᠤ ᠰᠤᠳᠤᠯᠬᠤ ᠵᠦᠪᠯᠡᠯ ᠤᠨ ᠠᠯᠪᠠᠨ ᠭᠡᠷ ᠦᠨ ᠡᠷᠬᠢᠯᠡᠨ ᠨᠠᠶᠢᠷᠠᠭᠤᠯᠤᠭᠰᠠᠨ ᠰᠦᠶᠶᠤᠸᠠᠨ ᠢ ᠨᠠᠶᠢᠷᠠᠮᠳᠠᠯ ᠢᠶᠠᠷ ᠴᠢᠯᠦᠭᠡᠯᠡᠭᠰᠡᠨ ᠨᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠡᠪᠯᠡᠯ ᠦᠨ ᠬᠣᠷᠢᠶ᠎ᠠ᠂ 1998 ᠣᠨ ᠳᠤ ᠬᠡᠪᠯᠡᠪᠡ ᠪᠣᠯ ᠮᠠᠲ᠋ᠧᠷᠢᠶᠠᠯ ᠤᠨ ᠴᠢᠨᠠᠷᠲᠠᠶ ᠨᠣᠮ ᠪᠣᠯᠤᠨ᠎ᠠ ᠂ ᠪᠦᠬᠦ ᠨᠣᠮ ᠤᠨ ᠠᠭᠤᠯᠭ᠎ᠠ ᠳᠤ ᠶᠡᠷᠦᠩᠬᠡᠶᠢᠯᠡᠭᠰᠡᠨ ᠲᠣᠭᠠᠴᠢᠯᠲᠠ ᠂ ᠲᠡᠦᠬᠡ ᠶᠢᠨ ᠪᠢᠴᠢᠭ ᠮᠠᠲ᠋ᠧᠷᠢᠶᠠᠯ ᠴᠠᠬᠢᠯᠭᠠᠨ ᠮᠡᠳᠡᠭᠡ ᠂ ᠰᠣᠨᠢᠨ ᠤ ᠮᠠᠲ᠋ᠧᠷᠢᠶᠠᠯ ᠂ ᠡᠷᠭᠢᠴᠡᠭᠦᠯᠦᠯ ᠦᠨ ᠮᠠᠲ᠋ᠧᠷᠢᠶᠠᠯ ᠂ ᠳᠠᠭᠠᠯᠳᠤᠭᠤᠯᠤᠯ 5 ᠬᠡᠰᠡᠭ ᠢ ᠪᠠᠬᠳᠠᠭᠠᠵᠠᠢ᠃