ᠵᠤᠬᠢᠶᠠᠭᠴᠢ:
ᠴᠠᠭ:2020-05-22
ᠥᠵᠡᠭᠰᠡᠨ : ℃
ᠢᠷᠡᠯᠲᠡ:
ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠤᠯ
ᠮᠣᠩᠭᠣᠯ ᠦᠨᠳᠦᠰᠦᠲᠡᠨ ᠮᠢᠩᠭᠠᠨ ᠵᠢᠯ ᠦᠨ ᠦᠰᠦᠭ ᠪᠢᠴᠢᠭ ᠦᠨ ᠲᠡᠦᠬᠡ ᠲᠡᠶ᠂ ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠭᠠᠨ ᠨᠢ ᠮᠣᠩᠭᠣᠯ ᠬᠡᠯᠡᠨ ᠦ ᠰᠤᠳᠤᠯᠤᠯ ᠠᠴᠠ ᠡᠬᠢᠯᠡᠭᠰᠡᠨ ᠶᠤᠮ᠃ ᠬᠠᠮᠤᠭ ᠡᠷᠲᠡᠨ ᠦ ᠮᠣᠩᠭᠣᠯ ᠵᠦᠶ ᠶᠢᠨ ᠨᠣᠮ • ᠶᠤᠸᠠᠨ ᠤᠯᠤᠰ ᠤᠨ 1308 ᠣᠨ ᠃ ᠰᠤᠳᠤᠯᠭᠠᠨ ᠤ ᠠᠷᠭ᠎ᠠ ᠪᠠᠷ ᠠᠪᠴᠤ ᠬᠡᠯᠡᠪᠡᠯ᠂ ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠭᠠᠨ ᠨᠢ ᠶᠡᠬᠡ ᠲᠥᠯᠥᠪ ᠬᠣᠶᠠᠷ ᠱᠠᠲᠤ ᠶᠢ ᠲᠤᠬᠠᠶᠢᠯᠠᠪᠠᠯ ᠡᠨᠡᠳᠬᠡᠭ ᠲᠥᠪᠡᠳ ᠦᠨ ᠬᠡᠯᠡᠨ ᠦ ᠰᠤᠷᠭᠠᠯᠲᠠᠨ ᠤ ᠨᠥᠯᠥᠭᠡ ᠬᠦᠷᠲᠡᠭᠰᠡᠨ ᠠᠩᠬᠠᠨ ᠤ ᠱᠠᠲᠤ ᠪᠠ ᠥᠷᠥᠨᠡᠳᠠᠬᠢᠨ ᠤ ᠬᠡᠯᠡᠨ ᠦ ᠰᠤᠷᠭᠠᠯᠲᠠᠨ ᠤ ᠨᠥᠯᠥᠭᠡ ᠶᠢ ᠬᠦᠷᠲᠡᠭᠰᠡᠨ ᠱᠠᠲᠤ ᠦᠶ᠎ᠡ ᠶᠢ ᠥᠩᠭᠡᠷᠡᠭᠡᠪᠡ᠃
1947 ᠣᠨ ᠤ 5 ᠰᠠᠷ᠎ᠠ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ ᠤ ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠭᠠᠨ ᠤ ᠠᠵᠢᠯ ᠨᠢᠭᠡᠨ ᠰᠢᠨ᠎ᠡ ᠳᠤ ᠣᠷᠣᠪᠠ᠃ ᠴᠢᠴᠢᠬᠠᠷ ᠲᠤ ᠥᠪᠡᠷᠲᠡᠭᠡᠨ ᠵᠠᠰᠠᠬᠤ ᠣᠷᠣᠨ ᠤ ᠲᠡᠦᠬᠡᠨ ᠳᠡᠭᠡᠷᠡᠬᠢ ᠠᠩᠬᠠᠳᠠᠭᠴᠢ ᠮᠣᠩᠭᠣᠯ ᠬᠡᠯᠡ ᠪᠢᠴᠢᠭ ᠦᠨ ᠰᠤᠳᠤᠯᠭᠠᠨ ᠤ ᠪᠠᠶᠢᠭᠤᠯᠤᠮᠵᠢ — ᠮᠣᠩᠭᠣᠯ ᠬᠡᠯᠡ ᠪᠢᠴᠢᠭ ᠦᠨ ᠰᠤᠳᠤᠯᠭᠠᠨ ᠤ ᠲᠠᠰᠤᠭ ᠢ ᠪᠠᠶᠢᠭᠤᠯᠪᠠ᠃ ᠡᠨᠡ ᠬᠦ ᠰᠠᠭᠤᠷᠢᠨ ᠳᠡᠭᠡᠷ᠎ᠡ 1953 ᠣᠨ ᠳᠤ ᠮᠣᠩᠭᠣᠯ ᠬᠡᠯᠡ ᠪᠢᠴᠢᠭ ᠦᠨ ᠰᠤᠳᠤᠯᠭᠠᠨ ᠤ ᠨᠡᠶᠢᠭᠡᠮᠯᠢᠭ ᠪᠠ ᠮᠣᠩᠭᠣᠯ ᠲᠤᠰᠬᠠᠢ ᠮᠡᠷᠭᠡᠵᠢᠯ ᠦᠨ ᠰᠤᠷᠭᠠᠭᠤᠯᠢ ᠃ ᠳᠠᠷᠠᠭ᠎ᠠ ᠵᠢᠯ ᠦᠨ ᠬᠢᠨᠢ 7 ᠰᠠᠷ᠎ᠠ ᠳᠤ ᠂ ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠮᠣᠩᠭᠣᠯ ᠬᠡᠯᠡ ᠪᠢᠴᠢᠭ ᠦᠨ ᠡᠷᠳᠡᠮ ᠰᠢᠨᠵᠢᠯᠡᠭᠡᠨ ᠦ ᠰᠡᠳᠬᠦᠯ ᠮᠣᠩᠭᠣᠯ ᠬᠡᠯᠡ ᠪᠢᠴᠢᠭ ᠬᠡᠪᠯᠡᠯ ᠡᠬᠢᠯᠡᠪᠡ ᠃ ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠭᠠᠨ ᠤ ᠠᠵᠢᠯ ᠨᠢ ᠥᠪᠡᠷ ᠦᠨ ᠡᠷᠳᠡᠮ ᠰᠢᠨᠵᠢᠯᠡᠭᠡᠨ ᠦ ᠪᠦᠯᠬᠦᠮ ᠪᠠ ᠡᠷᠳᠡᠮ ᠰᠢᠨᠵᠢᠯᠡᠭᠡᠨ ᠦ ᠰᠡᠳᠬᠦᠯ ᠲᠡᠶ ᠪᠣᠯᠤᠭᠰᠠᠨ ᠮᠥᠷᠲᠡᠭᠡᠨ ᠪᠠᠰᠠ ᠥᠪᠡᠷ ᠦᠨ ᠵᠢᠭᠠᠨ ᠰᠤᠷᠭᠠᠬᠤ ᠰᠠᠭᠤᠷᠢᠨ ᠲᠠᠶ ᠪᠣᠯᠤᠭᠰᠠᠨ ᠪᠠᠶᠢᠨ᠎ᠠ᠃
1955—1956 ᠣᠨ ᠮᠣᠩᠭᠣᠯ ᠬᠡᠯᠡ ᠪᠠ ᠮᠣᠩᠭᠣᠯ ᠬᠡᠯᠡᠨ ᠦ ᠨᠤᠲᠤᠭ ᠤᠨ ᠠᠶᠠᠯᠭᠤ ᠶᠢ ᠪᠠᠶᠢᠴᠠᠭᠠᠭᠰᠠᠨ ᠰᠠᠭᠤᠷᠢᠨ ᠳᠡᠭᠡᠷ᠎ᠡ ᠥᠪᠥᠷ ᠮᠣᠩᠭᠣᠯ ᠤᠨ ᠶᠡᠬᠡ ᠰᠤᠷᠭᠠᠭᠤᠯᠢ ᠠᠴᠠ ᠨᠠᠶᠢᠷᠠᠭᠤᠯᠤᠭᠰᠠᠨ ᠣᠷᠴᠢᠨ ᠦᠶ᠎ᠡ ᠶᠢᠨ ᠮᠣᠩᠭᠣᠯ ᠬᠡᠯᠡ ᠪᠣᠯ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠪᠡᠯᠭᠡ ᠲᠡᠮᠳᠡᠭ ᠦᠨ ᠴᠢᠨᠠᠷᠲᠠᠢ ᠦᠷ᠎ᠡ ᠪᠦᠲᠦᠭᠡᠯ ᠥᠭᠡᠷᠡᠴᠢᠯᠡᠯᠲᠡ ᠨᠡᠭᠡᠭᠡᠯᠲᠡ ᠬᠢᠭᠰᠡᠨ 30 ᠵᠢᠯ ᠪᠣᠯ ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠭᠠᠨ ᠤ ᠤᠷᠢᠳ ᠡᠮᠦᠨ᠎ᠡ ᠭᠠᠷᠤᠭ᠎ᠠ ᠦᠭᠡᠢ ᠴᠡᠴᠡᠭᠯᠡᠨ ᠬᠥᠭᠵᠢᠭᠰᠡᠨ ᠰᠢᠵᠢᠷ ᠠᠯᠲᠠᠨ ᠬᠤᠭᠤᠴᠠᠭ᠎ᠠ ᠪᠣᠯᠤᠨ᠎ᠠ ᠢᠯᠠᠩᠭᠤᠶ᠎ᠠ 21 ᠵᠠᠭᠤᠨ ᠳᠤ ᠣᠷᠣᠭᠰᠠᠨ ᠤ ᠳᠠᠷᠠᠭ᠎ᠠ᠂ ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠭᠠᠨ ᠤ ᠠᠵᠢᠯ ᠵᠢᠯ ᠪᠦᠷᠢ ᠠᠷᠪᠠ ᠭᠠᠷᠤᠢ ᠡᠷᠳᠡᠮ ᠰᠢᠨᠵᠢᠯᠡᠭᠡᠨ ᠦ ᠵᠣᠬᠢᠶᠠᠯ ᠪᠦᠲᠦᠭᠡᠯ᠂ ᠵᠠᠭᠤ ᠭᠠᠷᠤᠢ ᠡᠷᠳᠡᠮ ᠰᠢᠨᠵᠢᠯᠡᠭᠡᠨ ᠦ ᠥᠭᠦᠯᠡᠯ ᠬᠤᠷᠳᠤᠴᠠ ᠪᠠᠷ ᠃
ᠣᠳᠣᠬᠠᠨ ᠳᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠣᠩᠭᠣᠯ ᠦᠭᠡ ᠬᠡᠯᠡ ᠦᠰᠦᠭ ᠪᠢᠴᠢᠭ ᠦᠨ ᠰᠤᠳᠤᠯᠭᠠᠨ ᠨᠢᠭᠡᠨᠲᠡ ᠲᠥᠷᠥᠯ ᠵᠦᠢᠯ ᠪᠦᠷᠢᠨ ᠭᠦᠢᠴᠡᠳ᠂ ᠰᠢᠨᠵᠢᠯᠡᠭᠡᠨ ᠦ ᠰᠠᠯᠠᠭ᠎ᠠ ᠪᠦᠷᠢᠨ ᠪᠦᠲᠦᠨ ᠰᠢᠨᠵᠢᠯᠡᠭᠡᠨ ᠦ ᠰᠢᠰᠲ᠋ᠧᠮ ᠢ ᠪᠦᠷᠢᠯᠳᠦᠭᠦᠯᠦᠭᠰᠡᠨ ᠪᠠᠶᠢᠨ᠎ᠠ᠃ ᠡᠭᠦᠨ ᠳᠦ ᠵᠦᠢ᠂ ᠵᠦᠢ᠂ ᠦᠭᠡᠰ ᠦᠨ ᠰᠠᠩ ᠤᠨ ᠵᠦᠢ᠂ ᠦᠭᠡ ᠶᠢᠨ ᠤᠳᠬ᠎ᠠ ᠵᠦᠢ᠂ ᠦᠰᠦᠭ ᠪᠢᠴᠢᠭ ᠦᠨ ᠵᠦᠢ᠂ ᠨᠠᠶᠢᠷᠠᠭᠤᠯᠭ᠎ᠠ ᠶᠢᠨ ᠵᠦᠢ᠂ ᠲᠣᠯᠢ ᠪᠢᠴᠢᠭ ᠦᠨ ᠵᠦᠢ ᠶᠢ ᠪᠠᠭᠲᠠᠭᠠᠭᠰᠠᠨ ᠬᠠᠮ ᠴᠠᠭ ᠤᠨ ᠬᠡᠯᠡᠨ ᠦ ᠰᠢᠨᠵᠢᠯᠡᠯ ᠰᠤᠳᠤᠯᠭᠠᠨ ᠤ ᠰᠢᠰᠲ᠋ᠧᠮ ᠡᠷᠲᠡᠨ ᠦ ᠮᠣᠩᠭᠣᠯ ᠬᠡᠯᠡ᠂ ᠤᠳᠤ ᠦᠶ᠎ᠡ ᠶᠢᠨ ᠮᠣᠩᠭᠣᠯ ᠬᠡᠯᠡ᠂ ᠠᠯᠲᠠᠶ ᠢᠵᠠᠭᠤᠷ ᠬᠡᠯᠡ᠂ ᠮᠣᠩᠭᠣᠯ ᠲᠦᠷᠦᠯ ᠬᠡᠯᠡ ᠵᠢᠴᠢ ᠮᠣᠩᠭᠣᠯ ᠬᠡᠯᠡᠨ ᠦ ᠨᠤᠲᠤᠭ ᠤᠨ ᠠᠶᠠᠯᠭᠤ ᠶᠢᠨ ᠬᠠᠷᠢᠴᠠᠭᠤᠯᠤᠭᠰᠠᠨ ᠰᠤᠳᠤᠯᠤᠯ ᠢ ᠪᠠᠭᠲᠠᠭᠠᠭᠰᠠᠨ ᠲᠡᠦᠬᠡ ᠶᠢᠨ ᠬᠡᠯᠡᠨ ᠦ ᠰᠤᠳᠤᠯᠤᠯ ᠤᠨ ᠰᠢᠰᠲ᠋ᠧᠮ ᠨᠡᠶᠢᠭᠡᠮ ᠦᠨ ᠬᠡᠯᠡᠨ ᠦ ᠰᠢᠨᠵᠢᠯᠡᠭᠡ᠂ ᠰᠣᠶᠣᠯ ᠤᠨ ᠬᠡᠯᠡᠨ ᠦ ᠰᠢᠨᠵᠢᠯᠡᠭᠡ᠂ ᠠᠷᠠᠳ ᠤᠨ ᠵᠠᠩ ᠥᠢᠯᠨ ᠶᠢᠨ ᠬᠡᠯᠡᠨ ᠦ ᠰᠢᠨᠵᠢᠯᠡᠭᠡ᠂ ᠺᠣᠮᠫᠢᠦ᠋ᠲ᠋ᠧᠷ ᠦᠨ ᠬᠡᠯᠡᠨ ᠦ ᠰᠢᠨᠵᠢᠯᠡᠭᠡᠨ ᠢ ᠪᠠᠭᠲᠠᠭᠠᠭᠰᠠᠨ ᠰᠣᠯᠪᠢᠴᠠᠯ ᠰᠢᠨᠵᠢᠯᠡᠭᠡᠨ ᠦ ᠰᠤᠳᠤᠯᠭᠠᠨ ᠤ ᠰᠢᠰᠲ᠋ᠧᠮ