ᠵᠤᠬᠢᠶᠠᠭᠴᠢ:
ᠴᠠᠭ:2020-05-21
ᠥᠵᠡᠭᠰᠡᠨ : ℃
ᠢᠷᠡᠯᠲᠡ:
ᠤᠯᠠᠭᠠᠨᠴᠠᠪ ᠬᠣᠲᠠ ᠶᠢᠨ ᠵᠦᠸᠧᠽᠢ ᠰᠢᠶᠠᠨ ᠨᠢᠭᠡ
ᠵᠦᠸᠧᠽᠢ ᠰᠢᠶᠠᠨ ᠤᠯᠠᠭᠠᠨᠴᠠᠪ ᠬᠣᠲᠠ ᠶᠢᠨ ᠳᠤᠮᠳᠠ ᠡᠮᠦᠨ᠎ᠡ ᠬᠡᠰᠡᠭ ᠲᠦ ᠪᠠᠶᠢᠷᠢᠯᠠᠵᠤ ᠂ ᠤᠮᠠᠷᠠᠲᠤ ᠥᠷᠭᠡᠷᠢᠭ ᠦᠨ 48°38′~41°16′᠂ ᠵᠡᠭᠦᠨ ᠤᠷᠲᠤᠷᠢᠭ ᠤᠨ 110°5′~112°56′ ᠪᠠᠶᠢᠳᠠᠭ᠃ ᠰᠢᠶᠠᠨ ᠤ ᠨᠢ ᠪᠦᠸᠧᠬᠠᠶ ᠲᠠᠩᠭᠢᠰ ᠳᠠᠭᠠᠤ ᠠᠵᠤ ᠠᠬᠤᠢ ᠶᠢᠨ ᠬᠦᠷᠢᠶ᠎ᠡ ᠪᠠ ᠬᠥᠬᠡᠬᠣᠲᠠ ᠪᠤᠭᠤᠲᠤ ᠣᠷᠳᠣᠰ ᠤᠨ ᠠᠵᠤ ᠠᠬᠤᠢ ᠶᠢᠨ ᠬᠦᠷᠢᠶᠡᠨ ᠦ ᠠᠭᠤᠯᠵᠠᠷ ᠬᠡᠰᠡᠭ ᠲᠦ ᠵᠡᠭᠦᠨ ᠬᠣᠶᠢᠲᠤ ᠣᠷᠣᠨ ᠂ ᠤᠮᠠᠷᠠᠲᠤ ᠣᠷᠣᠨ ᠂ ᠪᠠᠷᠠᠭᠤᠨ ᠬᠣᠶᠢᠲᠤ ᠣᠷᠣᠨ ᠢ ᠴᠢᠬᠤᠯᠠ ᠵᠠᠮ ᠪᠠᠶᠢᠷᠢ ᠰᠠᠭᠤᠷᠢ ᠨᠢ ᠥᠪᠡᠷᠮᠢᠴᠡ ᠂ ᠣᠷᠣᠨ ᠪᠠᠶᠢᠷᠢ ᠨᠢ ᠳᠠᠪᠠᠭᠤᠯᠢᠭ ᠪᠠᠶᠢᠳᠠᠭ ᠃
ᠬᠣᠶᠢᠲᠤ ᠴᠠᠬᠠᠷ ᠪᠠᠷᠠᠭᠤᠨ ᠭᠠᠷᠤᠨ ᠳᠤᠮᠳᠠᠳᠤ ᠬᠣᠰᠢᠭᠤ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ ᠲᠠᠶ ᠂ ᠡᠮᠦᠨᠡᠰᠢ ᠪᠡᠨ ᠯᠢᠶᠠᠩᠴᠧᠩ ᠰᠢᠶᠠᠨ ᠲᠠᠶ ᠵᠠᠯᠭᠠᠯᠳᠤᠵᠤ ᠂ ᠪᠠᠷᠠᠭᠤᠨ ᠲᠠᠯ᠎ᠠ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠣᠲᠠ ᠲᠠᠶ ᠬᠥᠷᠰᠢᠯᠡᠵᠦ᠂ ᠪᠠᠷᠠᠭᠤᠨ ᠂ ᠵᠡᠭᠦᠨ ᠂ ᠵᠡᠭᠦᠨ ᠡᠮᠦᠨ᠎ᠡ ᠲᠠᠯ᠎ᠠ ᠨᠢ ᠲᠣᠰᠪᠣᠷᠢ ᠳᠥᠷᠪᠡᠳ ᠬᠣᠰᠢᠭᠤ᠂ ᠴᠠᠬᠠᠷ ᠪᠠᠷᠠᠭᠤᠨ ᠭᠠᠷᠤᠨ ᠬᠣᠶᠢᠲᠤ ᠬᠣᠰᠢᠭᠤ ᠂ ᠹᠧᠩᠵᠧᠨ ᠬᠣᠲᠠ ᠲᠠᠶ ᠵᠠᠬ᠎ᠠ ᠨᠡᠶᠢᠯᠡᠵᠦ ᠃
ᠰᠢᠶᠠᠨ ᠤ ᠣᠷᠳᠣᠨ ᠤ ᠪᠠᠶᠢᠭ᠎ᠠ ᠭᠠᠵᠠᠷ ᠵᠦᠸᠧᠽᠢ ᠪᠠᠯᠭᠠᠰᠤ ᠪᠠᠷᠠᠭᠤᠨ ᠲᠠᠯ᠎ᠠ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠣᠲᠠ ᠠᠴᠠ 73 ᠺᠢᠯᠣᠮᠧᠲ᠋ᠷ ᠵᠠᠶᠢᠲᠠᠶ ᠬᠥᠬᠡᠬᠣᠲᠠ ᠶᠢᠨ ᠴᠠᠭᠠᠨ ᠰᠤᠪᠤᠷᠭ᠎ᠠ ᠨᠢᠰᠬᠡᠯ ᠦᠨ ᠪᠠᠭᠤᠳᠠᠯ ᠠᠴᠠ 60 ᠺᠢᠯᠣᠮᠧᠲ᠋ᠷ ᠵᠠᠶᠢᠲᠠᠶ ᠵᠡᠭᠦᠨᠰᠢ ᠪᠡᠨ ᠤᠯᠠᠭᠠᠨᠴᠠᠪ ᠬᠣᠲᠠ ᠶᠢᠨ ᠵᠠᠰᠠᠭ ᠤᠨ ᠣᠷᠳᠣᠨ ᠤ ᠪᠠᠶᠢᠭ᠎ᠠ ᠵᠢᠨᠢᠩ ᠲᠣᠭᠣᠷᠢᠭ 52 ᠺᠢᠯᠣᠮᠧᠲ᠋ᠷ ᠂ ᠨᠡᠶᠢᠰᠯᠡᠯ ᠪᠡᠭᠡᠵᠢᠩ ᠡᠴᠡ 380 ᠺᠢᠯᠣᠮᠧᠲ᠋ᠷ ᠵᠠᠶᠢᠲᠠᠶ ᠃ ᠳᠣᠲᠣᠷᠠᠬᠢ ᠲᠡᠮᠦᠷ ᠵᠠᠮ᠂ ᠲᠦᠷᠭᠡᠨ ᠵᠠᠰᠠᠮᠠᠯ ᠵᠠᠮ᠂ ᠤᠯᠤᠰ ᠤᠨ110 ᠵᠠᠰᠠᠮᠠᠯ ᠵᠠᠮ ᠵᠢᠴᠢ ᠶᠠᠭ ᠪᠦᠲᠦᠭᠡᠨ ᠪᠠᠶᠢᠭᠤᠯᠵᠤ ᠪᠠᠶᠢᠭ᠎ᠠ ᠪᠡᠭᠡᠵᠢᠩ ᠲᠦᠷᠭᠡᠨ ᠵᠠᠰᠠᠮᠠᠯ ᠵᠠᠮ ᠬᠥᠨᠳᠡᠯᠡᠨ ᠢᠶᠡᠷ ᠨᠡᠪᠲᠡᠯᠵᠦ ᠵᠠᠰᠠᠮᠠᠯ ᠵᠠᠮ ᠂ ᠯᠢᠶᠠᠩᠴᠧᠩ ᠵᠠᠰᠠᠮᠠᠯ ᠵᠠᠮ ᠡᠮᠦᠨᠡᠰᠢ ᠤᠮᠠᠷᠠᠰᠢ ᠭᠤᠯᠳᠤ ᠨᠡᠪᠲᠡᠷᠡᠳᠡᠭ ᠃
ᠪᠦᠬᠦ ᠰᠢᠶᠠᠨ ᠤ ᠶᠡᠷᠦᠩᠬᠡᠶ ᠲᠠᠯᠠᠪᠠᠢ ᠨᠢ 3119 ᠲᠡᠭᠰᠢ ᠳᠥᠷᠪᠡᠯᠵᠢᠨ ᠺᠢᠯᠣᠮᠧᠲ᠋ᠷ ᠪᠠᠶᠢᠵᠤ ᠂ ᠤᠯᠠᠭᠠᠨᠴᠠᠪ ᠬᠣᠲᠠ ᠶᠢᠨ ᠶᠡᠷᠦᠩᠬᠡᠶ ᠲᠠᠯᠠᠪᠠᠶ ᠶᠢᠨ 5.7% ᠶᠢ ᠡᠵᠡᠯᠡᠵᠦ ᠂ ᠪᠥᠬᠥ ᠬᠣᠲᠠ ᠶᠢᠨ 7 ᠳ᠋ᠤᠭᠠᠷ ᠲᠤ ︔ ᠪᠦᠬᠦ ᠰᠢᠶᠠᠨ ᠢᠶᠠᠷ ᠢᠶᠠᠨ ᠵᠡᠭᠦᠨᠰᠢ ᠪᠠᠷᠠᠭᠤᠨᠰᠢ 92.6 ᠺᠢᠯᠣᠮᠧᠲ᠋ᠷ ᠤᠷᠲᠤ ᠂ ᠡᠮᠦᠨᠡᠰᠢ ᠤᠮᠠᠷᠠᠰᠢ 67.7 ᠺᠢᠯᠣᠮᠧᠲ᠋ᠷ ᠥᠷᠭᠡᠨ ᠃ ᠲᠠᠯᠠᠪᠠᠶ ᠪᠠᠷ ᠬᠠᠮᠤᠭ ᠶᠡᠬᠡ 597 ᠲᠡᠭᠰᠢ ᠳᠥᠷᠪᠡᠯᠵᠢᠨ ᠺᠢᠯᠣᠮᠧᠲ᠋ᠷ ᠪᠠᠶᠢᠵᠤ ᠂ ᠪᠥᠬᠥ ᠰᠢᠶᠠᠨ ᠤ ᠶᠡᠷᠦᠩᠬᠡᠶ ᠲᠠᠯᠠᠪᠠᠶ ᠶᠢᠨ 19% ︔ ᠲᠠᠯᠠᠪᠠᠢ ᠪᠠᠷ ᠬᠠᠮᠤᠭ ᠪᠠᠭ᠎ᠠ ᠪᠠᠶᠠᠨᠰᠢᠯᠢ ᠪᠠᠯᠭᠠᠰᠤ 342 ᠲᠡᠭᠰᠢ ᠳᠥᠷᠪᠡᠯᠵᠢᠨ ᠺᠢᠯᠣᠮᠧᠲ᠋ᠷ ᠪᠠᠶᠢᠵᠤ᠂ ᠪᠦᠬᠦ ᠰᠢᠶᠠᠨ ᠤ ᠲᠠᠯᠠᠪᠠᠢ ᠶᠢᠨ 11% ᠵᠢ ᠃