ᠵᠤᠬᠢᠶᠠᠭᠴᠢ:
ᠴᠠᠭ:2020-05-08
ᠥᠵᠡᠭᠰᠡᠨ : ℃
ᠢᠷᠡᠯᠲᠡ:
ᠨᠤᠲᠤᠭ ᠤᠨ ᠣᠶᠢᠯᠠᠯᠭ᠎ᠠ ᠶᠢᠨ ᠬᠡᠷᠡᠭᠯᠡᠭᠡᠨ ᠦ ᠣᠨᠣᠯ
ᠣᠷᠣᠨ ᠨᠤᠲᠤᠭ ᠤᠨ ᠣᠶᠢᠯᠠᠯᠭ᠎ᠠ ᠶᠢᠨ ᠬᠡᠷᠡᠭᠯᠡᠭᠡᠨ ᠦ ᠬᠦᠷᠢᠶ᠎ᠡ ᠵᠢᠴᠢ ᠨᠡᠭᠡᠭᠡᠨ ᠠᠰᠢᠭᠯᠠᠬᠤ ᠠᠷᠭ᠎ᠠ ᠶᠢᠨ ᠣᠨᠣᠯ ᠃ ᠣᠶᠢᠯᠠᠯᠭ᠎ᠠ ᠶᠢᠨ ᠴᠢᠳᠠᠮᠵᠢ ᠂ ᠣᠷᠣᠨ ᠨᠤᠲᠤᠭ ᠤᠨ ᠣᠶᠢᠯᠠᠯᠭ᠎ᠠ ᠶᠢᠨ ᠥᠷᠲᠡᠭ ᠦᠨ ᠲᠠᠨᠢᠯᠲᠠ ᠶᠢᠨ ᠰᠠᠭᠤᠷᠢᠨ ᠳᠡᠭᠡᠷ᠎ᠡ ᠰᠤᠳᠤᠯᠤᠨ ᠪᠥᠭᠡᠳ ᠣᠷᠣᠨ ᠨᠤᠲᠤᠭ ᠤᠨ ᠣᠶᠢᠯᠠᠯᠭ᠎ᠠ ᠶᠢᠨ ᠴᠢᠳᠠᠮᠵᠢ ᠶᠢ ᠭᠦᠨᠵᠡᠭᠡᠶ ᠠᠭᠤᠳᠠᠯᠬᠤ ᠂ ᠣᠷᠣᠨ ᠨᠤᠲᠤᠭ ᠤᠨ ᠣᠶᠢᠯᠠᠯᠭ᠎ᠠ ᠶᠢᠨ ᠥᠷᠲᠡᠭ ᠢ ᠰᠦᠪᠡᠭᠴᠢᠯᠡᠬᠦ ᠳᠦ ᠢᠳᠡᠪᠬᠢᠲᠡᠢ ᠨᠥᠯᠥᠭᠡ ᠲᠡᠶ ᠃ ᠴᠢᠩ ᠤᠯᠤᠰ ᠣᠷᠣᠨ ᠨᠤᠲᠤᠭ ᠤᠨ ᠣᠶᠢᠯᠠᠯᠭ᠎ᠠ ᠶᠢ ᠭᠣᠣᠯᠳᠠᠭᠤ ᠃ ᠢᠷᠭᠡᠨ ᠤᠯᠤᠰ ᠤᠨ ᠳᠤᠮᠳᠠᠴᠢ ᠦᠶ᠎ᠡ ᠳᠦ ᠂ ᠬᠥ᠋ ᠵᠢᠶᠧ ᠭᠠᠩ ᠂ ᠲᠤᠤ ᠰᠢ ᠱᠧᠩ ᠵᠡᠷᠭᠡ ᠡᠷᠳᠡᠮᠲᠡᠳ ᠵᠣᠬᠢᠶᠠᠯ ᠨᠡᠶᠢᠲᠡᠯᠡᠵᠦ ᠂ ᠨᠤᠲᠤᠭ ᠤᠨ ᠣᠶᠢᠯᠠᠯᠭ᠎ᠠ ᠶᠢᠨ ᠮᠠᠲ᠋ᠧᠷᠢᠶᠠᠯ ᠢ ᠠᠰᠢᠭᠯᠠᠨ ᠲᠡᠦᠬᠡ ᠶᠢᠨ ᠰᠤᠳᠤᠯᠭᠠᠨ ᠬᠢᠵᠦ ᠂ ᠲᠡᠦᠬᠡ ᠭᠠᠵᠠᠷ ᠵᠦᠶ ᠶᠢᠨ ᠂ ᠨᠡᠶᠢᠭᠡᠮ ᠠᠵᠤ ᠠᠬᠤᠶ ᠶᠢᠨ ᠲᠡᠦᠬᠡ ᠂ ᠳᠤᠮᠳᠠᠳᠤ ᠤᠯᠤᠰ ᠤᠨ ᠬᠥᠮᠦᠨ ᠠᠮᠠ ᠶᠢᠨ ᠲᠡᠦᠬᠡ ᠵᠡᠷᠭᠡ ᠲᠠᠯ᠎ᠠ ᠪᠠᠷ ᠴᠢᠬᠤᠯᠠ ᠶᠡᠬᠡ ᠦᠷ᠎ᠡ ᠪᠦᠲᠦᠭᠡᠯ ᠣᠯᠵᠠᠶ ᠃ 20 ᠳ᠋ᠤᠭᠠᠷ ᠵᠠᠭᠤᠨ ᠤ ᠨᠠᠶᠠᠭᠠᠳ ᠣᠨ ᠳᠤ ᠣᠷᠣᠨ ᠨᠤᠲᠤᠭ ᠤᠨ ᠣᠶᠢᠯᠠᠯᠭ᠎ᠠ ᠶᠢ ᠰᠢᠨ᠎ᠡ ᠪᠡᠷ ᠨᠠᠶᠢᠷᠠᠭᠤᠯᠬᠤ ᠠᠵᠢᠯ ᠡᠬᠢᠯᠡᠭᠰᠡᠨ ᠦ ᠳᠠᠷᠠᠭ᠎ᠠ ᠂ ᠣᠷᠣᠨ ᠨᠤᠲᠤᠭ ᠤᠨ ᠣᠶᠢᠯᠠᠯᠭ᠎ᠠ ᠮᠠᠲ᠋ᠧᠷᠢᠶᠠᠯ ᠤᠨ ᠦᠨ᠎ᠡ ᠥᠷᠲᠡᠭ ᠨᠢ ᠬᠥᠮᠦᠰ ᠦᠨ ᠠᠩᠬᠠᠷᠤᠯ ᠢ ᠶᠡᠬᠡᠳᠡ ᠲᠠᠲᠠᠵᠤ ᠂ ᠣᠷᠣᠨ ᠨᠤᠲᠤᠭ ᠤᠨ ᠣᠶᠢᠯᠠᠯᠭ᠎ᠠ ᠶᠢᠨ ᠮᠠᠲ᠋ᠧᠷᠢᠶᠠᠯ ᠢ ᠠᠰᠢᠭᠯᠠᠨ ᠰᠤᠳᠤᠯᠬᠤ ᠰᠡᠳᠦᠪ ᠨᠢ ᠤᠯᠤᠰ ᠲᠥᠷᠥ ᠂ ᠠᠵᠤ ᠠᠬᠤᠶ ᠂ ᠰᠣᠶᠣᠯ ᠵᠡᠷᠭᠡ ᠣᠯᠠᠨ ᠬᠦᠷᠢᠶ᠎ᠡ ᠶᠢ ᠬᠠᠮᠤᠷᠴᠠᠶ ᠃ 1996 ᠣᠨ ᠤ 5 ᠰᠠᠷ᠎ᠠ ᠳᠤ ᠬᠤᠷᠠᠯᠳᠤᠭᠤᠯᠤᠭᠰᠠᠨ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠬᠣᠶᠠᠳᠤᠭᠠᠷ ᠤᠳᠠᠭᠠᠨ ᠤ ᠠᠵᠢᠯ ᠤᠨ ᠬᠤᠷᠠᠯᠳᠤᠭᠠᠨ ᠳᠡᠭᠡᠷ᠎ᠡ ᠯᠢ ᠬᠡᠷᠡᠭᠯᠡᠬᠦ ᠬᠡᠷᠡᠭᠲᠡᠶ ᠭᠡᠵᠦ ᠳᠤᠷᠠᠳᠴᠠᠶ᠃ ᠣᠷᠣᠨ ᠨᠤᠲᠤᠭ ᠤᠨ ᠣᠶᠢᠯᠠᠯᠭ᠎ᠠ ᠶᠢᠨ ᠡᠲᠡᠭᠡᠳ ᠦᠨ ᠬᠢᠨ ᠣᠷᠣᠨ ᠨᠤᠲᠤᠭ ᠤᠨ ᠣᠶᠢᠯᠠᠯᠭ᠎ᠠ ᠶᠢ ᠨᠡᠭᠡᠭᠡᠨ ᠠᠰᠢᠭᠯᠠᠬᠤ ᠠᠷᠭ᠎ᠠ ᠂ ᠨᠡᠭᠡᠭᠡᠨ ᠠᠰᠢᠭᠯᠠᠬᠤ ᠳᠤᠮᠳᠠ ᠰᠢᠶᠳᠪᠦᠷᠢᠯᠡᠬᠦ ᠴᠢᠬᠤᠯᠠᠲᠠᠶ ᠠᠰᠠᠭᠤᠳᠠᠯ ᠂ ᠣᠷᠣᠨ ᠨᠤᠲᠤᠭ ᠤᠨ ᠣᠶᠢᠯᠠᠯᠭ᠎ᠠ ᠶᠢ ᠬᠣᠷᠢᠶᠠᠨ ᠬᠠᠳᠠᠭᠠᠯᠠᠬᠤ ᠪᠠ ᠨᠡᠭᠡᠭᠡᠨ ᠠᠰᠢᠭᠯᠠᠬᠤ ᠶᠢᠨ ᠬᠠᠷᠢᠴᠠᠭ᠎ᠠ ᠂ ᠣᠷᠣᠨ ᠨᠤᠲᠤᠭ ᠤᠨ ᠣᠶᠢᠯᠠᠯᠭ᠎ᠠ ᠶᠢ ᠨᠡᠭᠡᠭᠡᠨ ᠠᠰᠢᠭᠯᠠᠬᠤ ᠪᠠᠶᠢᠯᠳᠤᠬᠤ ᠪᠣᠳᠣᠯᠭ᠎ᠠ ᠵᠡᠷᠭᠡ ᠰᠡᠳᠦᠪ ᠦᠨ ᠲᠣᠭᠣᠷᠢᠨ ᠳᠤ ᠰᠤᠳᠤᠯᠭᠠᠨ ᠥᠷᠨᠢᠭᠦᠯᠬᠦ ᠶᠢᠨ ᠬᠠᠮᠲᠤ ᠥᠭᠦᠯᠡᠯ ᠨᠡᠶᠢᠲᠡᠯᠡᠭᠦᠯᠵᠡᠶ ᠃ ᠵᠠᠷᠢᠮ ᠡᠷᠳᠡᠮᠲᠡᠳ ᠣᠷᠣᠨ ᠨᠤᠲᠤᠭ ᠤᠨ ᠣᠶᠢᠯᠠᠯᠭ᠎ᠠ ᠶᠢᠨ ᠬᠡᠷᠡᠭᠯᠡᠭᠡᠨ ᠦ ᠤᠬᠠᠭᠠᠨ ᠂ ᠣᠷᠣᠨ ᠨᠤᠲᠤᠭ ᠤᠨ ᠣᠶᠢᠯᠠᠯᠭ᠎ᠠ ᠶᠢᠨ ᠤᠬᠠᠭᠠᠨ ᠤ ᠰᠢᠨᠵᠢᠯᠡᠭᠡᠨ ᠦ ᠪᠦᠲᠦᠴᠡ ᠶᠢᠨ ᠴᠢᠬᠤᠯᠠ ᠪᠦᠷᠢᠯᠳᠦᠬᠦᠨ ᠬᠡᠰᠡᠭ ᠪᠣᠯᠭᠠᠬᠤ ᠶᠢ ᠣᠶᠢᠯᠠᠯᠭ᠎ᠠ ᠶᠢᠨ ᠬᠡᠷᠡᠭᠯᠡᠭᠡᠨ ᠦ ᠤᠬᠠᠭᠠᠨ ᠤ ᠦᠨᠳᠦᠰᠦᠨ ᠠᠭᠤᠯᠭ᠎ᠠ ᠵᠢᠴᠢ ᠭᠣᠣᠯ ᠰᠤᠳᠤᠯᠭᠠᠨ ᠤ ᠡᠭᠦᠷᠭᠡ᠂ ᠣᠷᠣᠨ ᠨᠤᠲᠤᠭ ᠤᠨ ᠣᠶᠢᠯᠠᠯᠭ᠎ᠠ ᠶᠢᠨ ᠬᠡᠷᠡᠭᠯᠡᠭᠡᠨ ᠦ ᠣᠨᠣᠯ ᠤᠨ ᠦᠨᠳᠦᠰᠦᠨ ᠰᠢᠨᠵᠢ ᠴᠢᠨᠠᠷ ᠪᠠ ᠣᠨᠴᠠᠯᠢᠭ ᠰᠢᠨᠵᠢ ᠵᠡᠷᠭᠡ ᠲᠠᠯ᠎ᠠ ᠶᠢᠨ ᠰᠤᠳᠤᠯᠭᠠᠨ ᠢ ᠴᠢᠩᠭᠠᠳᠬᠠᠪᠠᠯ ᠵᠣᠬᠢᠨ᠎ᠠ ᠭᠡᠵᠦ ᠳᠤᠷᠠᠳᠴᠠᠢ᠃ 2006 ᠣᠨ ᠳᠤ ᠨᠡᠶᠢᠲᠡᠯᠡᠭᠰᠡᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠳᠦᠷᠢᠮ ᠣᠷᠣᠨ ᠨᠤᠲᠤᠭ ᠤᠨ ᠣᠶᠢᠯᠠᠯᠭ᠎ᠠ ᠶᠢᠨ ᠪᠠᠶᠢᠭᠤᠯᠤᠮᠵᠢ ᠶᠢᠨ ᠪᠠᠷ ᠲᠣᠭᠲᠠᠭᠠᠭᠰᠠᠨ ᠠᠵᠢᠯ ᠤᠨ ᠬᠦᠷᠢᠶ᠎ᠡ ᠳᠦ ᠃ ᠪᠦᠬᠦ ᠤᠯᠤᠰ ᠤᠨ ᠣᠷᠣᠨ ᠨᠤᠲᠤᠭ ᠤᠨ ᠣᠶᠢᠯᠠᠯᠭ᠎ᠠ ᠶᠢᠨ ᠠᠵᠢᠯ ᠤᠨ ᠪᠠᠶᠢᠭᠤᠯᠤᠮᠵᠢ ᠨᠤᠭᠤᠳ ᠣᠷᠣᠨ ᠨᠤᠲᠤᠭ ᠤᠨ ᠣᠶᠢᠯᠠᠯᠭ᠎ᠠ ᠶᠢᠨ ᠰᠢᠰᠲ᠋ᠧᠮ ᠦᠨ ᠮᠡᠳᠡᠭᠡ ᠵᠠᠩᠭᠢᠵᠢᠭᠤᠯᠤᠯᠲᠠ ᠶᠢᠨ ᠪᠠᠶᠢᠭᠤᠯᠤᠯᠲᠠ ᠶᠢ ᠥᠷᠭᠡᠨ ᠳᠡᠯᠭᠡᠷ ᠥᠷᠨᠢᠭᠦᠯᠵᠦ᠂ ᠣᠷᠣᠨ ᠨᠤᠲᠤᠭ ᠤᠨ ᠣᠶᠢᠯᠠᠯᠭ᠎ᠠ ᠶᠢᠨ ᠰᠤᠷᠪᠤᠯᠵᠢ ᠪᠢᠴᠢᠭ ᠮᠠᠲ᠋ᠧᠷᠢᠶᠠᠯ ᠤᠨ ᠡᠮᠬᠢᠳᠬᠡᠯ ᠢ ᠶᠡᠬᠡ ᠬᠡᠮᠵᠢᠶ᠎ᠡ ᠪᠡᠷ ᠨᠠᠶᠢᠷᠠᠭᠤᠯᠤᠨ ᠬᠡᠪᠯᠡᠭᠦᠯᠪᠡ᠃ 2007 ᠣᠨ ᠳᠤ ᠣᠷᠣᠨ ᠨᠤᠲᠤᠭ ᠤᠨ ᠣᠶᠢᠯᠠᠯᠭ᠎ᠠ ᠶᠢᠨ ᠬᠡᠪᠯᠡᠯ ᠦᠨ ᠬᠣᠷᠢᠶ᠎ᠠ ᠴᠢᠨ ᠴᠢ ᠮᠢᠩ ᠦᠨ ᠡᠷᠬᠢᠯᠡᠨ ᠨᠠᠶᠢᠷᠠᠭᠤᠯᠤᠭᠰᠠᠨ ᠣᠷᠣᠨ ᠨᠤᠲᠤᠭ ᠤᠨ ᠣᠶᠢᠯᠠᠯᠭ᠎ᠠ ᠶᠢ ᠨᠡᠭᠡᠭᠡᠨ ᠠᠰᠢᠭᠯᠠᠭᠰᠠᠨ ᠦᠷ᠎ᠡ ᠪᠦᠲᠦᠭᠡᠯ ᠦᠨ ᠡᠮᠬᠢᠳᠬᠡᠯ ᠬᠡᠪᠯᠡᠭᠦᠯᠵᠦ᠂ ᠶᠡᠬᠡ ᠬᠡᠮᠵᠢᠶᠡᠨ ᠦ ᠪᠣᠳᠠᠲᠤ ᠵᠢᠱᠢᠶ᠎ᠡ ᠪᠡᠷ ᠨᠡᠶᠢᠭᠡᠮ ᠵᠢᠷᠤᠮ ᠤᠨ ᠪᠣᠳᠠᠰ ᠤᠨ ᠪᠣᠯᠪᠠᠰᠤᠨ ᠂ ᠤᠯᠤᠰ ᠲᠥᠷᠥ ᠶᠢᠨ ᠪᠣᠯᠪᠠᠰᠤᠨ᠂ ᠣᠶᠤᠨ ᠤ ᠪᠣᠯᠪᠠᠰᠤᠨ ᠤ ᠪᠠᠶᠢᠭᠤᠯᠤᠯᠲᠠ ᠳᠤ ᠪᠠᠳᠠᠷᠠᠭᠤᠯᠤᠭᠰᠠᠨ ᠴᠢᠬᠤᠯᠠ ᠃