ᠵᠤᠬᠢᠶᠠᠭᠴᠢ:
ᠴᠠᠭ:2020-04-13
ᠥᠵᠡᠭᠰᠡᠨ : ℃
ᠢᠷᠡᠯᠲᠡ:
ᠰᠢᠯᠢ ᠶᠢᠨ ᠠᠶᠢᠮᠠᠭ ᠤᠨ ᠰᠥᠨᠢᠳ ᠪᠠᠷᠠᠭᠤᠨ
ᠰᠥᠨᠢᠳ ᠪᠠᠷᠠᠭᠤᠨ ᠬᠣᠰᠢᠭᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠂ ᠰᠢᠯᠢ ᠶᠢᠨ ᠭᠣᠣᠯ ᠠᠶᠢᠮᠠᠭ ᠤᠨ ᠪᠠᠷᠠᠭᠤᠨ ᠬᠡᠰᠡᠭ ᠂ ᠬᠣᠶᠢᠲᠤ ᠲᠠᠯ᠎ᠠ ᠪᠠᠷ ᠢᠶᠠᠨ ᠪᠣᠭᠣᠮᠲᠠ ᠶᠢᠨ ᠬᠣᠲᠠ ᠡᠷᠢᠶᠡᠨ ᠬᠣᠲᠠ ᠶᠢ ᠲᠦᠰᠢᠵᠦ ᠂ ᠮᠣᠩᠭᠣᠯ ᠤᠯᠤᠰ ᠲᠠᠶ ᠵᠠᠬ᠎ᠠ ᠨᠡᠶᠢᠯᠡᠵᠦ ᠂ ᠤᠯᠤᠰ ᠤᠨ ᠬᠢᠯᠢ ᠶᠢᠨ ᠱᠤᠭᠤᠮ ᠤᠨ ᠣᠷᠳᠣ ᠨᠢ 18.15 ᠺᠢᠯᠣᠮᠧᠲ᠋ᠷ ᠃ ᠪᠥᠬᠥ ᠬᠣᠰᠢᠭᠤᠨ ᠤ ᠶᠡᠷᠦᠩᠬᠡᠶ ᠲᠠᠯᠠᠪᠠᠶ 2.23 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠪᠠᠶᠢᠵᠤ ᠂ ᠮᠣᠩᠭᠣᠯ ᠂ ᠬᠢᠲᠠᠳ ᠂ ᠬᠣᠲᠣᠩ ᠂ ᠮᠠᠨᠵᠤ ᠵᠡᠷᠭᠡ 11 ᠦᠨᠳᠦᠰᠦᠲᠡᠨ ᠢᠶᠡᠷ ᠪᠦᠷᠢᠯᠳᠦᠭᠰᠡᠨ ᠤᠯᠤᠰ ᠤᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠬᠣᠰᠢᠭᠤ ᠪᠣᠯᠤᠨ᠎ᠠ ᠃ ᠬᠣᠰᠢᠭᠤᠨ ᠳᠣᠲᠣᠷᠠᠬᠢ ᠵᠠᠮ ᠬᠠᠷᠢᠯᠴᠠᠭᠠᠨ ᠤ ᠵᠠᠮ ᠤᠨ ᠲᠣᠸᠷ ᠦᠨᠳᠦᠰᠦᠨ ᠳᠡᠭᠡᠨ ᠪᠦᠷᠢᠯᠳᠦᠵᠦ ᠂ — ᠲᠡᠮᠦᠷ ᠵᠠᠮ ᠂ — ᠭᠤᠸᠠᠩᠵᠧᠦ ᠲᠦᠷᠭᠡᠨ ᠵᠠᠰᠠᠮᠠᠯ ᠵᠠᠮ ᠂ ᠤᠯᠤᠰ ᠤᠨ 208 ᠵᠠᠰᠠᠮᠠᠯ ᠵᠠᠮ ᠂ ᠮᠤᠵᠢ ᠶᠢᠨ101 ᠵᠠᠮ ᠵᠡᠷᠭᠡ ᠨᠢ ᠵᠠᠰᠠᠭ ᠤᠨ ᠣᠷᠳᠣᠨ ᠤ ᠪᠠᠶᠢᠭ᠎ᠠ ᠰᠠᠶᠢᠬᠠᠨᠲᠠᠯ᠎ᠠ ᠪᠠᠯᠭᠠᠰᠤᠨ ᠳᠤ ᠰᠦᠯᠵᠢᠯᠳᠦᠵᠦ ᠂ ᠨᠢᠰᠬᠡᠯ ᠦᠨ ᠪᠠᠭᠤᠳᠠᠯ 90 ᠺᠢᠯᠣᠮᠧᠲ᠋ᠷ ᠃
ᠲᠠᠯ᠎ᠠ ᠨᠤᠲᠤᠭ ᠤᠨ ᠭᠡᠷᠡᠯ ᠰᠠᠴᠤᠷᠠᠩᠭᠤᠢ ᠰᠣᠶᠣᠯ ᠪᠣᠯᠤᠨ ᠵᠠᠩ ᠦᠢᠯᠡ ᠬᠢᠵᠠᠭᠠᠯᠠᠰᠢ ᠦᠭᠡᠢ ᠷᠢᠳᠢ ᠰᠢᠳᠢ ᠂ ᠤᠳᠬ᠎ᠠ ᠤᠷᠠᠯᠢᠭ ᠤᠨ ᠬᠦᠩᠭᠡᠨ ᠮᠣᠷᠢᠲᠤ ᠴᠡᠷᠢᠭ ᠬᠡᠮᠡᠭᠳᠡᠭᠰᠡᠨ ᠪᠦᠬᠦ ᠤᠯᠤᠰ ᠤᠨ ᠠᠩᠬᠠᠳᠠᠭᠴᠢ ᠤᠯᠠᠭᠠᠨᠮᠥ᠋ᠴᠢᠷ ᠰᠥᠨᠢᠳ ᠲᠠᠯ᠎ᠠ ᠨᠤᠲᠤᠭ ᠲᠤ ᠃ ᠰᠥᠨᠢᠳ ᠪᠠᠷᠠᠭᠤᠨ ᠬᠣᠰᠢᠭᠤ ᠪᠣᠯ ᠪᠥᠬᠥ ᠤᠯᠤᠰ ᠤᠨ ᠦᠨᠳᠦᠰᠦᠲᠡᠨ ᠦ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠂ ᠪᠥᠬᠥ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠦᠨ ᠳᠠᠪᠰᠢᠯᠲᠠ ᠶᠢᠨ ᠬᠣᠰᠢᠭᠤ ᠂ ᠥᠪᠡᠷᠲᠡᠭᠡᠨ ᠵᠠᠰᠠᠬᠤ ᠣᠷᠣᠨ ᠤ ᠬᠣᠶᠠᠷ ᠢ ᠵᠢᠱᠢᠶᠡᠴᠢ ᠬᠣᠰᠢᠭᠤ ᠂ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠲᠡᠷᠢᠭᠦᠨ ᠦ ᠬᠣᠰᠢᠭᠤ ᠪᠣᠯᠤᠨ᠎ᠠ ᠃
ᠰᠥᠨᠢᠳ ᠪᠠᠷᠠᠭᠤᠨ ᠬᠣᠰᠢᠭᠤ ᠴᠦᠯᠯᠡᠷᠬᠡᠭ ᠬᠠᠭᠠᠰ ᠴᠦᠯᠯᠡᠷᠬᠡᠭ ᠲᠠᠯ᠎ᠠ ᠨᠤᠲᠤᠭ ᠭᠠᠩ ᠬᠠᠭᠤᠷᠠᠶ ᠡᠬᠡ ᠭᠠᠵᠠᠷ ᠤᠨ ᠴᠢᠨᠠᠷᠲᠠᠶ ᠠᠭᠤᠷ ᠠᠮᠢᠰᠬᠤᠯ ᠳᠤ ᠵᠢᠯ ᠦᠨ ᠤ ᠬᠡᠮᠵᠢᠶ᠎ᠡ 170~190 ᠮᠢᠯᠢᠮᠧᠲ᠋ᠷ ᠂ ᠠᠭᠤᠷᠰᠢᠯᠲᠠ ᠶᠢᠨ ᠬᠡᠮᠵᠢᠶ᠎ᠡ ᠨᠢ 2700 ᠮᠢᠯᠢᠮᠧᠲ᠋ᠷ ᠲᠦ ᠬᠦᠷᠳᠡᠭ᠃ ᠵᠡᠰ ᠵᠡᠷᠭᠡ ᠠᠭᠤᠷᠬᠠᠢ ᠶᠢᠨ ᠭᠠᠷᠤᠯᠲᠠ ᠪᠣᠯᠤᠨ ᠦᠬᠡᠷ ᠬᠣᠨᠢ ᠲᠡᠮᠡᠭᠡ ᠵᠡᠷᠭᠡ ᠮᠠᠯ ᠤᠨ ᠠᠰᠢᠭ ᠰᠢᠮ᠎ᠡ ᠶᠢᠨ ᠡᠬᠢ ᠪᠠᠶᠠᠯᠢᠭ ᠬᠠᠷᠢᠴᠠᠩᠭᠤᠶ ᠡᠯᠪᠡᠭ ᠳᠡᠯᠪᠡᠭ ᠪᠠᠶᠢᠵᠤ᠂ ᠰᠥᠨᠢᠳ ᠬᠣᠨᠢ ᠪᠣᠯᠤᠨ ᠰᠥᠨᠢᠳ ᠲᠡᠮᠡᠭᠡ ᠪᠣᠯ ᠣᠷᠣᠨ ᠨᠤᠲᠤᠭ ᠤᠨ ᠰᠢᠯᠢᠳᠡᠭ ᠮᠠᠯ ᠤᠨ ᠡᠭᠦᠯᠳᠡᠷ ᠪᠣᠯᠤᠨ᠎ᠠ᠃ ᠤᠯᠤᠰ ᠤᠨ ᠬᠣᠶᠠᠳᠤᠭᠠᠷ ᠳᠡᠰ ᠤᠨ ᠬᠠᠮᠠᠭᠠᠯᠠᠯᠲᠠ ᠲᠠᠶ ᠰᠥᠨᠢᠳ ᠦᠨ ᠬᠣᠣᠰ ᠪᠥᠬᠥᠲᠦ ᠲᠡᠮᠡᠭᠡ ᠪᠣᠯ ᠤᠯᠤᠰ ᠤᠨ ᠳᠣᠲᠣᠭᠠᠳᠤ ᠶᠢᠨ ᠭᠤᠷᠪᠠᠨ ᠲᠣᠮᠣ ᠲᠡᠮᠡᠭᠡᠨ ᠦ ᠡᠭᠦᠯᠳᠡᠷ ᠦᠨ ᠨᠢᠭᠡ ᠪᠣᠯᠬᠤ ᠪᠥᠭᠡᠳ ᠰᠥᠨᠢᠳ ᠦᠨ ᠬᠣᠨᠢᠨ ᠮᠢᠬ᠎ᠠ ᠨᠢ ᠤᠯᠤᠰ ᠤᠨ ᠭᠠᠵᠠᠷ ᠵᠦᠢ ᠶᠢᠨ ᠪᠡᠯᠭᠡ ᠪᠦᠲᠦᠭᠡᠭᠳᠡᠬᠦᠨ ᠪᠣᠯᠤᠭᠰᠠᠨ ᠪᠠᠶᠢᠨ᠎ᠠ᠃
ᠵᠢᠯ ᠡᠴᠡ ᠨᠠᠰᠢ ᠂ ᠰᠥᠨᠢᠳ ᠪᠠᠷᠠᠭᠤᠨ ᠬᠣᠰᠢᠭᠤ ᠳᠠᠪᠠᠭᠤᠯᠢᠭ ᠣᠨᠴᠠᠯᠢᠭᠲᠤ ᠠᠵᠤ ᠦᠢᠯᠡᠰ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠦᠨ ᠬᠡᠯᠪᠡᠷᠢ ᠪᠡᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠬᠡᠨ ᠂ ᠠᠵᠤ ᠦᠢᠯᠡᠰ ᠦᠨ ᠪᠦᠲᠦᠴᠡ ᠤᠯᠠᠮ ᠨᠢᠭᠡ ᠠᠯᠬᠤᠮ ᠰᠢᠯᠢᠳᠡᠭᠵᠢᠵᠦ ᠂ ᠲᠡᠮᠦᠷᠯᠢᠭ ᠮᠠᠯᠲᠠᠬᠤ ᠰᠢᠯᠢᠬᠦ ᠲᠡᠮᠦᠷᠯᠢᠭ ᠬᠠᠶᠢᠯᠤᠭᠤᠯᠬᠤ ᠂ ᠬᠢᠮᠢ ᠶᠢᠨ ᠠᠵᠤ ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠂ ᠰᠢᠨ᠎ᠡ ᠡᠨᠧᠷᠭᠢ ᠵᠡᠷᠭᠡ ᠠᠵᠤ ᠦᠢᠯᠡᠰ ᠦᠨ ᠂ ᠠᠵᠤ ᠠᠵᠤ ᠠᠬᠤᠶ ᠳᠤ ᠣᠯᠠᠨ ᠲᠠᠯ᠎ᠠ ᠪᠠᠷ ᠲᠤᠯᠭᠠᠭᠤᠷᠢᠯᠠᠬᠤ ᠂ ᠣᠯᠠᠨ ᠡᠰᠢᠵᠢᠨ ᠬᠥᠭᠵᠢᠬᠦ ᠰᠢᠨ᠎ᠡ ᠪᠠᠶᠢᠷᠢᠰᠢᠯ ᠢᠯᠡᠷᠡᠪᠡ ᠃