ᠵᠤᠬᠢᠶᠠᠭᠴᠢ:
ᠴᠠᠭ:2020-04-10
ᠥᠵᠡᠭᠰᠡᠨ : ℃
ᠢᠷᠡᠯᠲᠡ:
ᠰᠢᠯᠢ ᠶᠢᠨ ᠠᠶᠢᠮᠠᠭ ᠤᠨ ᠤᠯᠠᠭᠠᠶ ᠬᠠᠮᠢᠶᠠᠷᠤᠯᠲᠠ ᠶᠢᠨ ᠣᠷᠣᠨ
ᠤᠯᠠᠭᠠᠶ ᠬᠠᠮᠢᠶᠠᠷᠤᠯᠲᠠ ᠶᠢᠨ ᠣᠷᠣᠨ ᠰᠢᠯᠢ ᠶᠢᠨ ᠠᠶᠢᠮᠠᠭ ᠤᠨ ᠵᠡᠭᠦᠨ ᠬᠣᠶᠢᠲᠤ ᠬᠡᠰᠡᠭ ᠲᠦ ᠪᠠᠶᠢᠷᠢᠯᠠᠵᠤ ᠂ ᠵᠡᠭᠦᠨ ᠤᠷᠲᠤᠷᠢᠭ ᠤᠨ 118°44′~ 119°50′᠂ ᠤᠮᠠᠷᠠᠲᠤ ᠥᠷᠭᠡᠷᠢᠭ ᠦᠨ 45°29′~ 46°38′᠂ ᠰᠢᠯᠢ ᠶᠢᠨ ᠠᠶᠢᠮᠠᠭ ᠤᠨ ᠵᠡᠭᠦᠨ ᠬᠣᠶᠢᠲᠤ ᠣᠷᠣᠨ ᠳᠤ ᠬᠠᠨᠳᠤᠭᠤᠯᠤᠨ ᠨᠡᠭᠡᠭᠡᠭᠰᠡᠨ ᠴᠢᠬᠤᠯᠠ ᠪᠣᠯᠤᠨ᠎ᠠ ᠃ ᠵᠡᠭᠦᠨ ᠬᠡᠰᠡᠭ ᠨᠢ ᠬᠢᠩᠭᠠᠨ ᠠᠶᠢᠮᠠᠭ ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠲᠠᠶ ᠵᠠᠯᠭᠠᠯᠳᠤᠵᠤ᠂ ᠵᠡᠭᠦᠨ ᠡᠮᠦᠨᠡᠲᠦ ᠬᠡᠰᠡᠭ ᠨᠢ ᠲᠦᠩᠯᠢᠶᠣᠤ ᠬᠣᠲᠠ ᠲᠠᠶ ᠵᠠᠯᠭᠠᠯᠳᠤᠵᠤ᠂ ᠪᠠᠷᠠᠭᠤᠨ ᠬᠡᠰᠡᠭ ᠨᠢ ᠵᠡᠭᠦᠨ ᠦᠵᠦᠮᠦᠴᠢᠨ ᠬᠣᠰᠢᠭᠤᠨ ᠤ ᠤᠯᠠᠭᠠᠶ ᠰᠤᠮᠤ ᠲᠠᠶ ᠬᠥᠷᠰᠢᠯᠡᠵᠦ᠂ ᠬᠣᠶᠢᠲᠤ ᠬᠡᠰᠡᠭ ᠨᠢ ᠵᠡᠭᠦᠨ ᠦᠵᠦᠮᠦᠴᠢᠨ ᠬᠣᠰᠢᠭᠤᠨ ᠤ ᠪᠠᠯᠭᠠᠰᠤ ᠲᠠᠶ ᠵᠠᠬ᠎ᠠ ᠨᠡᠶᠢᠯᠡᠵᠦ ᠪᠠᠶᠢᠳᠠᠭ᠃ ᠶᠡᠷᠦᠩᠬᠡᠶ ᠲᠠᠯᠠᠪᠠᠶ ᠨᠢ 5013 ᠲᠡᠭᠰᠢ ᠳᠥᠷᠪᠡᠯᠵᠢᠨ ᠺᠢᠯᠣᠮᠧᠲ᠋ᠷ ᠂ ᠭᠠᠵᠠᠷ ᠤᠨ ᠲᠠᠯᠠᠪᠠᠶ ᠨᠢ 4446 ᠲᠡᠭᠰᠢ ᠳᠥᠷᠪᠡᠯᠵᠢᠨ ᠺᠢᠯᠣᠮᠧᠲ᠋ᠷ ᠂ ᠲᠠᠷᠢᠶᠠᠨ ᠭᠠᠵᠠᠷ ᠤᠨ ᠲᠠᠯᠠᠪᠠᠶ ᠨᠢ 275 ᠲᠡᠭᠰᠢ ᠳᠥᠷᠪᠡᠯᠵᠢᠨ ᠺᠢᠯᠣᠮᠧᠲ᠋ᠷ ᠂ ᠭᠠᠵᠠᠷ ᠤᠨ ᠲᠠᠯᠠᠪᠠᠶ ᠨᠢ 86 ᠲᠡᠭᠰᠢ ᠳᠥᠷᠪᠡᠯᠵᠢᠨ ᠺᠢᠯᠣᠮᠧᠲ᠋ᠷ ᠃ ᠶᠡᠷᠦᠩᠬᠡᠶ ᠬᠥᠮᠦᠨ ᠠᠮᠠ ᠨᠢ 2.75 ᠲᠦᠮᠡ ᠃ ᠮᠣᠩᠭᠣᠯ᠂ ᠬᠢᠲᠠᠳ᠂ ᠬᠣᠲᠣᠩ᠂ ᠮᠠᠨᠵᠤ᠂ ᠳᠠᠭᠤᠷ ᠂ ᠰᠣᠯᠣᠩᠭᠣᠰ᠂ ᠤᠶᠢᠭᠤᠷ᠂ ᠳ᠋ᠦᠩᠰᠢᠶᠠᠩ ᠵᠡᠷᠭᠡ ᠦᠨᠳᠦᠰᠦᠲᠡᠨ ᠪᠤᠢ᠃ ᠡᠭᠦᠨ ᠬᠢᠲᠠᠳ ᠦᠨᠳᠦᠰᠦᠲᠡᠨ ᠦ ᠬᠥᠮᠦᠨ ᠠᠮᠠ 1.9 ᠲᠦᠮᠡ ᠪᠠᠶᠢᠵᠤ ᠂ ᠪᠦᠬᠦ ᠬᠥᠮᠦᠨ ᠠᠮᠠ ᠶᠢᠨ 70.4% ︔ ᠮᠣᠩᠭᠣᠯ ᠦᠨᠳᠦᠰᠦᠲᠡᠨ ᠦ ᠬᠥᠮᠦᠨ ᠠᠮᠠ 0.8 ᠲᠦᠮᠡ ᠪᠠᠶᠢᠵᠤ ᠂ ᠪᠥᠬᠥ ᠬᠥᠮᠦᠨ ᠠᠮᠠ ᠶᠢᠨ 27.1% ︔ ᠪᠤᠰᠤᠳ ᠴᠥᠭᠡᠨ ᠲᠣᠭᠠᠲᠤ ᠦᠨᠳᠦᠰᠦᠲᠡᠨ ᠦ ᠬᠥᠮᠦᠨ ᠠᠮᠠ 0.05 ᠲᠦᠮᠡ ᠳᠦ ᠬᠦᠷᠴᠦ᠂ ᠪᠦᠬᠦ ᠬᠥᠮᠦᠨ ᠠᠮᠠ ᠶᠢᠨ 2.5% ᠵᠢ ᠃ ᠵᠠᠰᠠᠭ ᠵᠠᠬᠢᠷᠭᠠᠨ ᠤ ᠣᠷᠣᠨ ᠣᠳᠣ ᠪᠠᠶᠠᠨᠬᠤᠰᠢᠭᠤ ᠪᠠᠯᠭᠠᠰᠤ 9 ᠭᠠᠴᠠᠭ᠎ᠠ ᠲᠣᠰᠬᠣᠨ ᠪᠠ 3 ᠰᠠᠭᠤᠭᠠᠯᠢ ᠠᠷᠠᠳ ᠤᠨ ᠵᠥᠪᠯᠡᠯ ᠪᠠᠭᠲᠠᠨ᠎ᠠ ᠪᠣᠯᠤᠨ ᠬᠠᠯᠠᠭᠠᠶᠢᠲᠤ ᠂ ᠤᠯᠠᠭᠠᠶ ᠂ ᠠᠭᠤᠯᠠ 3 ᠤᠯᠤᠰ ᠲᠠᠷᠢᠶᠠᠯᠠᠩ ᠮᠠᠯᠵᠢᠯ ᠤᠨ ᠲᠠᠯᠠᠪᠠᠢ ᠃
1960 ᠣᠨ ᠳᠤ᠂ ᠰᠢᠯᠢ ᠶᠢᠨ ᠭᠣᠣᠯ ᠠᠶᠢᠮᠠᠭ ᠤᠨ ᠵᠠᠬᠢᠷᠭ᠎ᠠ ᠣᠷᠣᠨ ᠨᠤᠲᠤᠭ ᠤᠨ ᠤᠯᠤᠰ ᠤᠯᠠᠭᠠᠶ ᠭᠣᠣᠯ ᠮᠠᠰᠢᠨ ᠢᠶᠠᠷ ᠲᠠᠷᠢᠶᠠᠯᠠᠬᠤ ᠲᠠᠷᠢᠶᠠᠯᠠᠩ ᠤᠨ ᠲᠠᠯᠠᠪᠠᠢ ᠪᠠᠶᠢᠭᠤᠯᠪᠠ᠃ 1969 ᠣᠨ ᠳᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠦᠨ ᠪᠡᠭᠡᠵᠢᠩ ᠦᠨ ᠴᠡᠷᠢᠭ ᠦᠨ ᠲᠣᠭᠣᠷᠢᠭ ᠤᠨ ᠥᠪᠥᠷ ᠮᠣᠩᠭᠣᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠵᠢᠷᠭᠤᠳᠤᠭᠠᠷ ᠳ᠋ᠢᠸᠢᠽᠢ ᠶᠢ ᠪᠠᠶᠢᠭᠤᠯᠪᠠ᠃ 1975 ᠣᠨ ᠳᠤ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠶᠢᠨ ᠪᠢᠩᠲ᠋ᠤᠸᠠᠨ ᠤ ᠪᠠᠶᠢᠭᠤᠯᠤᠮᠵᠢ ᠶᠢ ᠬᠦᠴᠦᠨ ᠦᠭᠡᠢ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠤᠯᠠᠭᠠᠶ ᠬᠤᠪᠢᠶᠠᠷᠢ ᠲᠣᠪᠴᠢᠶ᠎ᠠ ᠶᠢ ᠪᠠᠶᠢᠭᠤᠯᠪᠠ᠃ 1981 ᠣᠨ ᠳᠤ ᠤᠯᠠᠭᠠᠶ ᠮᠠᠯᠵᠢᠯ ᠤᠨ ᠲᠠᠯᠠᠪᠠᠶ ᠶᠢᠨ ᠬᠠᠮᠢᠶᠠᠷᠤᠯᠲᠠ ᠶᠢᠨ ᠲᠣᠪᠴᠢᠶ᠎ᠠ ᠭᠡᠵᠦ ᠬᠠᠯᠠᠪᠠ ᠃ 1993 ᠣᠨ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠬᠣᠰᠢᠭᠤ ᠰᠢᠶᠠᠨ ᠤ ᠬᠠᠮᠢᠶᠠᠷᠤᠯᠲᠠ ᠶᠢᠨ ᠡᠭᠦᠷᠭᠡ ᠴᠢᠳᠠᠪᠤᠷᠢ ᠶᠢ ᠤᠯᠠᠭᠠᠶ ᠶᠡᠷᠦᠩᠬᠡᠶᠢᠯᠡᠭᠰᠡᠨ ᠨᠡᠭᠡᠭᠡᠯᠲᠡ ᠶᠢᠨ ᠲᠣᠭᠣᠷᠢᠭ ᠢ ᠃ 2005 ᠣᠨ ᠳᠤ᠂ ᠤᠯᠠᠭᠠᠶ ᠬᠠᠮᠢᠶᠠᠷᠤᠯᠲᠠ ᠶᠢᠨ ᠣᠷᠣᠨ ᠭᠡᠵᠦ ᠨᠡᠷ᠎ᠡ ᠪᠡᠨ ᠬᠠᠯᠠᠵᠤ᠂ ᠤᠯᠠᠭᠠᠶ ᠮᠠᠯᠵᠢᠯ ᠤᠨ ᠲᠠᠯᠠᠪᠠᠢ ᠶᠢᠨ ᠬᠠᠮᠢᠶᠠᠷᠤᠯᠲᠠ ᠶᠢᠨ ᠲᠣᠪᠴᠢᠶ᠎ᠠ ᠯᠤᠭ᠎ᠠ ᠪᠠᠶᠢᠭᠤᠯᠤᠯ ᠤᠨ ᠬᠠᠮᠢᠶᠠᠷᠤᠯᠲᠠ ᠶᠢ ᠬᠡᠷᠡᠭᠵᠢᠭᠦᠯᠪᠡ᠃