ᠵᠤᠬᠢᠶᠠᠭᠴᠢ:
ᠴᠠᠭ:2020-02-27
ᠥᠵᠡᠭᠰᠡᠨ : ℃
ᠢᠷᠡᠯᠲᠡ:
ᠬᠢᠩᠭᠠᠨ ᠠᠶᠢᠮᠠᠭ ᠤᠨ ᠷᠠᠰᠢᠶᠠᠨ ᠬᠣᠲᠠ
ᠷᠠᠰᠢᠶᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠣᠶᠢᠲᠤ ᠬᠡᠰᠡᠭ ᠲᠦ ᠪᠠᠶᠢᠷᠢᠯᠠᠵᠤ ᠂ ᠶᠡᠬᠡ ᠬᠢᠩᠭᠠᠨ ᠳᠠᠪᠠᠭ᠎ᠠ ᠶᠢᠨ ᠪᠠᠷᠠᠭᠤᠨ ᠡᠮᠦᠨ᠎ᠡ ᠠᠭᠤᠯᠠᠨ ᠬᠣᠷᠮᠣᠶ ᠶᠢ ᠰᠤᠨᠳᠠᠯᠠᠵᠤ ᠂ ᠬᠥᠯᠥᠨ ᠪᠣᠶᠢᠷ ᠂ ᠬᠣᠷᠴᠢᠨ ᠂ ᠰᠢᠯᠢ ᠶᠢᠨ ᠪᠠ ᠮᠣᠩᠭᠣᠯ ᠳᠥᠷᠪᠡᠨ ᠶᠡᠬᠡ ᠲᠠᠯ᠎ᠠ ᠨᠤᠲᠤᠭ ᠤᠨ ᠠᠭᠤᠯᠵᠠᠷ ᠭᠠᠵᠠᠷ ᠣᠢ ᠰᠢᠭᠤᠶ ᠪᠠ ᠨᠤᠲᠤᠭ ᠪᠡᠯᠴᠢᠭᠡᠷ ᠦᠨ ᠰᠢᠯᠵᠢᠯᠲᠡ ᠶᠢᠨ ᠣᠷᠣᠨ ᠪᠦᠰᠡ ᠳᠦ ᠬᠠᠷᠢᠶᠠᠯᠠᠭᠳᠠᠨ᠎ᠠ ᠃
ᠷᠠᠰᠢᠶᠠᠨ 1996 ᠣᠨ ᠳᠤ ᠬᠣᠲᠠ ᠪᠠᠶᠢᠭᠤᠯᠵᠤ ᠂ ᠣᠷᠣᠨ ᠤ ᠲᠠᠯᠠᠪᠠᠶ ᠨᠢ 7408.7 ᠲᠡᠭᠰᠢ ᠳᠥᠷᠪᠡᠯᠵᠢᠨ ᠺᠢᠯᠣᠮᠧᠲ᠋ᠷ ᠃ ᠷᠠᠰᠢᠶᠠᠨ ᠤ ᠪᠠᠶᠢᠭᠠᠯᠢ ᠶᠢᠨ ᠣᠷᠴᠢᠨ ᠲᠣᠭᠣᠷᠢᠨ ᠳᠠᠪᠠᠭᠤᠯᠢᠭ ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ 80% ᠡᠴᠡ ᠳᠡᠭᠡᠭᠰᠢ ᠳᠦ ᠬᠦᠷᠴᠦ ᠂ ᠪᠣᠬᠢᠷᠲᠤᠯ ᠥᠬᠡᠶ ᠤᠷᠭᠤᠮᠠᠯ ᠤᠨ ᠬᠤᠴᠢᠯᠭ᠎ᠠ ᠶᠢᠨ ᠨᠣᠷᠮ᠎ᠠ 95% ᠳ᠋ᠤ ᠬᠦᠷᠴᠦ ᠂ ᠤᠯᠤᠰ ᠤᠨ ᠨᠥᠭᠡᠴᠡ ᠣᠶ ᠮᠣᠳᠣᠨ ᠤ ᠡᠬᠢ ᠪᠠᠶᠠᠯᠢᠭ ᠤᠨ ᠪᠣᠬᠢᠷᠲᠤᠯ ᠥᠬᠡᠶ ᠡᠷᠳᠡᠨᠢᠰ ᠦᠨ ᠬᠥᠮᠥᠷᠭᠡ ᠪᠣᠯᠤᠨ᠎ᠠ ︔ ᠷᠠᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠡᠯᠪᠡᠭ ᠳᠡᠯᠪᠡᠭ ᠪᠥᠭᠡᠳ ᠬᠡᠮᠵᠢᠶ᠎ᠡ ᠨᠢ ᠰᠠᠶᠢᠨ ᠂ ᠣᠲᠣ 5A ᠲᠠᠰ ᠤᠨ ᠵᠢᠭᠤᠯᠴᠢᠯᠠᠯ ᠤᠨ ᠦᠵᠡᠮᠵᠢᠲᠦ ᠣᠷᠣᠨ ᠨᠢᠭᠡ ᠂ ᠳᠡᠯᠡᠬᠡᠶ ᠶᠢᠨ ᠭᠠᠵᠠᠷ ᠰᠢᠨᠵᠢᠯᠡᠭᠡᠨ ᠦ ᠴᠡᠴᠡᠷᠯᠢᠭ ᠨᠢᠭᠡ ᠂ ᠤᠯᠤᠰ ᠤᠨ ᠣᠶ ᠰᠢᠭᠤᠶ ᠶᠢᠨ ᠴᠡᠴᠡᠷᠯᠢᠭ ᠬᠣᠶᠠᠷ ᠂ ᠤᠯᠤᠰ ᠤᠨ ᠨᠤᠭᠤ ᠭᠠᠵᠠᠷ ᠤᠨ ᠬᠠᠮᠠᠭᠠᠯᠠᠯᠲᠠ ᠶᠢᠨ ᠣᠷᠣᠨ ᠪᠠ ᠤᠯᠤᠰ ᠤᠨ ᠲᠠᠶ ᠦᠵᠡᠮᠵᠢ ᠶᠢᠨ ᠣᠷᠣᠨ ᠨᠢᠭᠡ ᠪᠠᠶᠢᠨ᠎ᠠ ︔ ᠷᠠᠰᠢᠶᠠᠨ ᠤ ᠣᠷᠣᠨ ᠪᠠᠶᠢᠷᠢ ᠶᠢᠨ ᠳᠠᠪᠠᠭᠤᠯᠢᠭ ᠨᠢ ᠥᠪᠡᠷᠮᠢᠴᠡ ᠂ ᠵᠡᠭᠦᠨ ᠲᠠᠯ᠎ᠠ ᠪᠠᠷ ᠢᠶᠠᠨ ᠬᠣᠲᠠ ᠲᠠᠶ ᠬᠥᠷᠰᠢᠯᠡᠵᠦ ᠂ ᠪᠠᠷᠠᠭᠤᠨ ᠲᠠᠯ᠎ᠠ ᠪᠠᠷ ᠢᠶᠠᠨ ᠰᠢᠯᠢ ᠶᠢᠨ ᠠᠶᠢᠮᠠᠭ ᠵᠢᠴᠢ ᠮᠣᠩᠭᠣᠯ ᠤᠯᠤᠰ ᠲᠠᠶ ᠵᠠᠬ᠎ᠠ ᠨᠡᠶᠢᠯᠡᠵᠦ ᠂ ᠬᠣᠶᠢᠲᠤ ᠲᠠᠯ᠎ᠠ ᠪᠠᠷ ᠢᠶᠠᠨ ᠬᠥᠯᠥᠨ ᠪᠣᠶᠢᠷ ᠤᠨ ᠰᠢᠨ᠎ᠡ ᠪᠠᠷᠭᠤ ᠵᠡᠭᠦᠨ ᠬᠣᠰᠢᠭᠤ ᠂ ᠡᠸᠡᠩᠬᠢ ᠬᠣᠰᠢᠭᠤ ᠲᠠᠶ ᠬᠥᠷᠰᠢᠯᠡᠵᠦ ᠂ ᠡᠮᠦᠨ᠎ᠡ ᠲᠠᠯ᠎ᠠ ᠪᠠᠷ ᠢᠶᠠᠨ ᠬᠢᠩᠭᠠᠨ ᠠᠶᠢᠮᠠᠭ ᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠲᠠᠶ ᠵᠠᠯᠭᠠᠯᠳᠤᠵᠤ ᠂ ᠡᠷᠬᠢᠨ ᠲᠣᠭᠣᠷᠢᠨ ᠤ ᠭᠠᠵᠠᠷ ᠣᠷᠣᠨ ᠤ ᠵᠢᠭᠤᠯᠴᠢᠯᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠥᠪᠥᠷ ᠮᠣᠩᠭᠣᠯ ᠤᠨ ᠵᠢᠭᠤᠯᠴᠢᠯᠠᠯ ᠤᠨ ᠰᠢᠵᠢᠷ ᠠᠯᠲᠠᠨ ᠣᠷᠣᠨ ᠢ ᠴᠣᠭᠴᠠᠯᠠᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠲᠠᠶ ᠶᠤᠮ ᠃
ᠷᠠᠰᠢᠶᠠᠨ ᠨᠢ ᠪᠠᠰᠠ ᠵᠡᠭᠦᠨ ᠬᠣᠶᠢᠲᠤ ᠠᠽᠢᠶ᠎ᠠ ᠶᠢᠨ ᠠᠵᠤ ᠠᠬᠤᠢ ᠶᠢᠨ ᠬᠦᠷᠢᠶᠡᠨ ᠦ ᠥᠷᠥᠴᠡ ᠭᠠᠵᠠᠷ ᠪᠣᠯᠤᠨ ᠮᠠᠨ ᠤ ᠤᠯᠤᠰ ᠤᠨ ᠵᠡᠭᠦᠨ ᠬᠣᠶᠢᠲᠤ ᠣᠷᠣᠨ ᠤ ᠠᠵᠤ ᠠᠬᠤᠢ ᠶᠢᠨ ᠣᠷᠣᠨ ᠤ ᠪᠠᠷᠠᠭᠤᠨ ᠳᠤ ᠪᠠᠶᠢᠷᠢᠯᠠᠵᠤ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠮᠠᠨᠵᠤᠤᠷ᠂ ᠡᠷᠢᠶᠡᠨ ᠬᠣᠲᠠ ᠶᠢᠨ ᠳᠠᠷᠠᠭᠠᠬᠢ ᠭᠤᠷᠪᠠᠳᠠᠬᠢ ᠬᠢᠯᠢ ᠶᠢᠨ ᠪᠣᠭᠣᠮᠲᠠ ᠬᠣᠲᠠ ᠪᠣᠯᠬᠤ ᠪᠥᠭᠡᠳ ᠮᠣᠩᠭᠣᠯ ᠤᠯᠤᠰ ᠲᠠᠶ 93.4 ᠺᠢᠯᠣᠮᠧᠲ᠋ᠷ ᠬᠢᠯᠢ ᠶᠢᠨ ᠱᠤᠭᠤᠮ ᠲᠠᠶ ᠶᠤᠮ