ᠵᠤᠬᠢᠶᠠᠭᠴᠢ:
ᠴᠠᠭ:2020-02-17
ᠥᠵᠡᠭᠰᠡᠨ : ℃
ᠢᠷᠡᠯᠲᠡ:
ᠬᠢᠩᠭᠠᠨ ᠠᠶᠢᠮᠠᠭ
ᠬᠢᠩᠭᠠᠨ ᠠᠶᠢᠮᠠᠭ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠵᠡᠭᠦᠨ ᠬᠣᠶᠢᠲᠤ ᠬᠡᠰᠡᠭ ᠲᠦ ᠪᠠᠶᠢᠷᠢᠯᠠᠵᠤ ᠂ ᠶᠡᠬᠡ ᠬᠢᠩᠭᠠᠨ ᠳᠠᠪᠠᠭ᠎ᠠ ᠲᠠᠯ᠎ᠠ ᠭᠠᠵᠠᠷ ᠪᠦᠰᠡ ᠂ ᠵᠡᠭᠦᠨ ᠬᠣᠶᠢᠲᠤ ᠂ ᠵᠡᠭᠦᠨ ᠡᠮᠦᠨᠡᠲᠦ ᠨᠢ ᠲᠤᠰ ᠲᠤᠰ ᠬᠠᠷᠠᠮᠥ᠋ᠷᠡᠨ ᠂ ᠭᠢᠷᠢᠨ ᠬᠣᠶᠠᠷ ᠮᠤᠵᠢ ᠲᠠᠶ ᠬᠥᠷᠰᠢᠯᠡᠵᠦ ᠬᠡᠰᠡᠭ ᠂ ᠪᠠᠷᠠᠭᠤᠨ ᠬᠡᠰᠡᠭ ᠂ ᠬᠣᠶᠢᠲᠤ ᠬᠡᠰᠡᠭ ᠨᠢ ᠲᠣᠰ ᠲᠣᠰ ᠲᠦᠩᠯᠢᠶᠣᠤ ᠬᠣᠲᠠ ᠂ ᠰᠢᠯᠢ ᠶᠢᠨ ᠠᠶᠢᠮᠠᠭ ᠪᠠ ᠬᠥᠯᠥᠨ ᠪᠣᠶᠢᠷ ᠬᠣᠲᠠ ᠲᠠᠶ ᠵᠠᠯᠭᠠᠯᠳᠤᠵᠤ ᠪᠠᠷᠠᠭᠤᠨ ᠬᠣᠶᠢᠲᠤ ᠬᠡᠰᠡᠭ ᠨᠢ ᠮᠣᠩᠭᠣᠯ ᠤᠯᠤᠰ ᠲᠠᠶ ᠵᠠᠬ᠎ᠠ ᠨᠡᠶᠢᠯᠡᠵᠦ ᠂ ᠬᠢᠯᠢ ᠶᠢᠨ ᠱᠤᠭᠤᠮ ᠤᠨ ᠣᠷᠳᠣ ᠨᠢ 126 ᠺᠢᠯᠣᠮᠧᠲ᠋ᠷ ᠪᠠᠶᠢᠳᠠᠭ ᠃ ᠳᠤᠮᠳᠠᠳᠤ ᠤᠯᠤᠰ ᠤᠨ ᠷᠠᠰᠢᠶᠠᠨ — ᠮᠣᠩᠭᠣᠯ ᠤᠯᠤᠰ ᠤᠨ ᠰᠦᠮᠪᠦᠷ ᠤᠯᠠᠨ ᠤᠯᠤᠰ ᠤᠨ ᠤᠯᠠᠷᠢᠯ ᠤᠨ ᠴᠢᠨᠠᠷᠲᠠᠢ ᠨᠡᠭᠡᠭᠡᠯᠲᠡ ᠬᠢᠬᠦ ᠪᠣᠭᠣᠮᠲᠠ ᠃ ᠶᠡᠷᠦᠩᠬᠡᠶ ᠲᠠᠯᠠᠪᠠᠶ ᠨᠢ 6 ᠲᠦᠮᠡᠨ ᠲᠡᠭᠰᠢ ᠳᠥᠷᠪᠡᠯᠵᠢᠨ ᠺᠢᠯᠣᠮᠧᠲ᠋ᠷ ᠰᠢᠬᠠᠮ ᠂ ᠶᠡᠷᠦᠩᠬᠡᠶ ᠬᠥᠮᠦᠨ ᠠᠮᠠ ᠨᠢ 168 ᠲᠦᠮᠡ ᠪᠠᠶᠢᠵᠤ ᠂ ᠴᠥᠭᠡᠨ ᠲᠣᠭᠠᠲᠤ ᠦᠨᠳᠦᠰᠦᠲᠡᠨ ᠦ ᠬᠥᠮᠦᠨ ᠠᠮᠠ 47% ᠶᠢ ᠡᠵᠡᠯᠡᠵᠦ ᠂ ᠡᠭᠦᠨ ᠳᠦ ᠮᠣᠩᠭᠣᠯ ᠦᠨᠳᠦᠰᠦᠲᠡᠨ ᠬᠥᠮᠦᠨ ᠠᠮᠠ 42.1% ᠶᠢ ᠡᠵᠡᠯᠡᠵᠦ ᠂ ᠪᠦᠬᠦ ᠤᠯᠤᠰ ᠤᠨ ᠮᠣᠩᠭᠣᠯ ᠦᠨᠳᠦᠰᠦᠲᠡᠨ ᠬᠥᠮᠦᠨ ᠠᠮᠠ ᠶᠢᠨ ᠬᠠᠷᠢᠴᠠᠯ ᠨᠡᠯᠢᠶᠡᠳ ᠥᠨᠳᠥᠷ ᠭᠠᠵᠠᠷ ᠣᠷᠣᠨ ᠪᠣᠯᠤᠨ᠎ᠠ ᠃ 1980 ᠣᠨ ᠳᠤ ᠬᠢᠩᠭᠠᠨ ᠠᠶᠢᠮᠠᠭ ᠪᠠᠶᠢᠭᠤᠯᠤᠮᠵᠢ ᠪᠠᠨ ᠰᠡᠷᠭᠦᠭᠡᠵᠦ᠂ ᠣᠳᠣ ᠬᠣᠶᠠᠷ ᠬᠣᠲᠠ ᠤᠯᠠᠭᠠᠨᠬᠣᠲᠠ᠂ ᠷᠠᠰᠢᠶᠠᠨ ᠬᠣᠲᠠ ᠭᠤᠷᠪᠠᠨ ᠬᠣᠰᠢᠭᠤ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ᠂ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ᠂ ᠵᠠᠯᠠᠶᠢᠳ ᠬᠣᠰᠢᠭᠤ ᠨᠢᠭᠡ ᠰᠢᠶᠠᠨ ᠲᠦᠴᠢᠦᠸᠠᠨ ᠰᠢᠶᠠᠨ ᠬᠠᠷᠢᠶᠠᠯᠠᠵᠤ᠂ ᠡᠭᠦᠨ ᠳᠦ ᠷᠠᠰᠢᠶᠠᠨ ᠬᠣᠲᠠ ᠪᠠ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤ ᠨᠢ ᠬᠢᠯᠢ ᠶᠢᠨ ᠬᠣᠰᠢᠭᠤ ᠬᠣᠲᠠ ᠂ ᠤᠯᠠᠭᠠᠨᠬᠣᠲᠠ ᠨᠢ ᠠᠶᠢᠮᠠᠭ ᠤᠨ ᠨᠠᠮ ᠤᠨ ᠬᠣᠷᠢᠶᠠᠨ ᠤ ᠵᠠᠬᠢᠷᠭ᠎ᠠ ᠶᠢᠨ ᠪᠠᠶᠢᠭ᠎ᠠ ᠭᠠᠵᠠᠷ ᠪᠣᠯᠤᠨ᠎ᠠ᠃
ᠬᠢᠩᠭᠠᠨ ᠠᠶᠢᠮᠠᠭ ᠪᠣᠯ ᠬᠤᠪᠢᠰᠬᠠᠯ ᠤᠨ ᠬᠠᠭᠤᠴᠢᠨ ᠰᠠᠭᠤᠷᠢᠨ ᠭᠠᠵᠠᠷ ᠪᠣᠯᠤᠨ᠎ᠠ᠃ ᠢᠷᠭᠡᠨ ᠤᠯᠤᠰ ᠤᠨ 36 ᠣᠨ 1947 ᠣᠨ 5 ᠰᠠᠷ᠎ᠠ ᠶᠢᠨ 1 ᠡᠳᠦᠷ᠂ ᠰᠢᠨ᠎ᠡ ᠳᠤᠮᠳᠠᠳᠤ ᠤᠯᠤᠰ ᠤᠨ ᠠᠩᠬᠠᠳᠠᠭᠴᠢ ᠴᠥᠭᠡᠨ ᠲᠣᠭᠠᠲᠤ ᠦᠨᠳᠦᠰᠦᠲᠡᠨ ᠥᠪᠡᠷᠲᠡᠭᠡᠨ ᠵᠠᠰᠠᠬᠤ — ᠥᠪᠥᠷ ᠮᠣᠩᠭᠣᠯ ᠤᠨ ᠥᠪᠡᠷᠲᠡᠭᠡᠨ ᠵᠠᠰᠠᠬᠤ ᠵᠠᠰᠠᠭ ᠤᠨ ᠣᠷᠳᠣᠨ ᠳᠠᠷᠤᠢ ᠡᠨᠳᠡ ᠮᠡᠨᠳᠦᠯᠡᠵᠡᠢ ᠡᠨᠡ ᠪᠣᠯ ᠨᠠᠮ ᠤᠨ ᠦᠨᠳᠦᠰᠦᠲᠡᠨ ᠣᠷᠣᠨ ᠤ ᠥᠪᠡᠷᠲᠡᠭᠡᠨ ᠵᠠᠰᠠᠬᠤ ᠲᠦᠷᠦ ᠶᠢᠨ ᠪᠤᠳᠤᠯᠭ᠎ᠠ ᠬᠠᠮᠤᠭ ᠭᠠᠵᠠᠷ ᠪᠣᠯᠤᠨ᠎ᠠ᠃ ᠲᠠᠪᠤᠨ ᠰᠠᠷ᠎ᠠ ᠶᠢᠨ ᠨᠢᠭᠡᠨ ᠬᠤᠷᠠᠯ ᠤᠨ ᠂ ᠤᠯᠠᠭᠠᠨᠬᠦᠦ ᠶᠢᠨ ᠠᠵᠢᠯᠯᠠᠬᠤ ᠂ ᠦᠨᠳᠦᠰᠦᠲᠡᠨ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ ᠵᠡᠷᠭᠡ ᠨᠢᠭᠡ ᠪᠦᠯᠦᠭ ᠬᠤᠪᠢᠰᠬᠠᠯ ᠤᠨ ᠭᠠᠵᠠᠷ ᠃