ᠵᠤᠬᠢᠶᠠᠭᠴᠢ:
ᠴᠠᠭ:2019-11-29
ᠥᠵᠡᠭᠰᠡᠨ : ℃
ᠢᠷᠡᠯᠲᠡ:
2019 ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ 11 ᠳ᠋ᠦ᠋ᠭᠡᠷ ᠰᠠᠷ᠎ᠠ ᠶᠢᠨ 29 ᠤ ᠡᠳᠦᠷ ᠬᠦᠬᠡᠬᠤᠲᠠ ᠳᠤ
ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠨ 2019 ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ 11ᠳ᠋ᠦ᠋ᠭᠡᠷ ᠰᠠᠷ᠎ᠠ ᠶᠢᠨ 29 ᠤ ᠡᠳᠦᠷ ᠠᠴᠠ 12 ᠳ᠋ᠤᠭᠠᠷ ᠰᠠᠷ᠎ᠠ ᠶᠢᠨ 1 ᠤ ᠡᠳᠦᠷ ᠪᠣᠯᠲᠠᠯ᠎ᠠ ᠬᠥᠬᠡᠬᠤᠲᠠ ᠳᠤ ᠃
30 ᠭᠠᠷᠤᠶ ᠤᠯᠤᠰ ᠤᠨ ᠠᠳᠤᠭᠤᠨ ᠤ ᠦᠢᠯᠡᠰ ᠤᠨ ᠡᠷᠬᠡ ᠰᠦᠷᠲᠦ ᠪᠠᠶᠢᠭᠤᠯᠤᠮᠵᠢ ᠠᠴᠠ ᠬᠦᠷᠦᠯᠴᠡᠨ ᠢᠷᠡᠬᠦ ᠠᠵᠢᠯ ᠲᠥᠷᠥᠯ ᠤᠨ ᠤᠳᠤᠷᠢᠳᠤᠯᠭ᠎ᠠ ᠵᠢᠴᠢ ᠡᠷᠬᠡ ᠣᠯᠭᠤᠭᠰᠠᠨ ᠲᠥᠯᠥᠭᠡᠯᠡᠭᠴᠢ ᠪᠣᠯᠤᠨ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠡᠷᠳᠡᠮᠲᠡᠨ ᠴᠢᠳᠠᠪᠤᠷᠢᠲᠠᠨ ᠨᠠᠷ 《ᠳᠤᠮᠳᠠᠳᠤ ᠤᠯᠤᠰ ᠤᠨ ᠠᠳᠤᠭᠤᠨ ᠰᠣᠶᠣᠯ ᠬᠢᠭᠡᠳ ᠳᠡᠯᠡᠬᠡᠶ ᠶᠢᠨ ᠠᠳᠤᠭᠤᠨ ᠰᠣᠶᠣᠯ》 ᠢᠶᠠᠷ ᠭᠤᠤᠯ ᠰᠡᠳᠦᠪ ᠪᠣᠯᠭᠠᠨ᠂ ᠪᠣᠯᠪᠠᠰᠤᠨ ᠤ ᠲᠤᠬᠠᠶ ᠶᠠᠷᠢᠯᠴᠠᠭ᠎ᠠ᠂ ᠢᠷᠡᠭᠡᠳᠦᠢ ᠶᠢᠨ ᠲᠤᠬᠠᠢ ᠶᠠᠷᠢᠯᠴᠠᠭ᠎ᠠ᠂ ᠳᠡᠯᠡᠬᠡᠶ ᠶᠢᠷᠲᠢᠨᠴᠦ ᠶᠢᠨ ᠲᠤᠬᠠᠶ ᠶᠠᠷᠢᠯᠴᠠᠭ᠎ᠠ ᠦᠷᠨᠢᠭᠦᠯᠬᠦ ᠶᠢᠨ ᠬᠠᠮᠳᠦ ᠠᠳᠤᠭᠤᠨ ᠰᠣᠶᠣᠯ ᠤᠨ ᠣᠯᠠᠨ ᠶᠠᠩᠵᠤᠲᠤ ᠴᠢᠨᠠᠷ᠂ ᠮᠣᠩᠭᠤᠯ ᠮᠣᠷᠢᠨ ᠤ ᠵᠣᠷᠢᠭ ᠰᠠᠨᠠᠭᠠᠨ ᠤ ᠳᠡᠯᠡᠬᠡᠶ ᠠᠴᠢ ᠬᠤᠯᠪᠣᠭᠳᠠᠯ᠂ ᠠᠳᠤᠭᠤᠨ ᠰᠣᠶᠣᠯ ᠬᠢᠭᠡᠳ ᠵᠢᠭᠤᠯᠴᠢᠯᠠᠯ ᠤᠨ ᠦᠢᠯᠡᠰ ᠤᠨ ᠠᠭᠤᠰᠤᠯᠴᠠᠯ ᠬᠥᠭᠵᠢᠯᠲᠡ ᠪᠠ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠠᠳᠤᠭᠤᠨ ᠤ ᠠᠵᠤ ᠦᠢᠯᠡᠰ ᠵᠡᠷᠭᠡ ᠶᠢᠨ ᠲᠤᠭᠤᠷᠢᠨ ᠳᠤ ᠴᠢᠯᠦᠭᠡᠲᠠᠢ ᠶᠠᠷᠢᠯᠴᠠᠭ᠎ᠠ ᠃
ᠠᠳᠤᠭᠤᠨ ᠰᠣᠶᠣᠯ ᠤᠨ ᠥᠨᠢ ᠤᠳᠠᠭᠠᠨ ᠲᠡᠤᠬᠡ ᠲᠠᠢ᠂ ᠡᠯᠪᠡᠭ ᠪᠠᠶᠠᠯᠢᠭ ᠠᠳᠤᠭᠤᠨ ᠰᠣᠶᠣᠯ ᠤᠨ ᠡᠬᠢ ᠰᠤᠷᠪᠤᠯᠵᠢ ᠲᠠᠢ᠂ ᠠᠳᠤᠭᠤᠨ ᠤ ᠠᠵᠤ ᠦᠢᠯᠡᠰ ᠤᠨ ᠬᠥᠭᠵᠢᠯᠲᠡ ᠶᠢᠨ ᠠᠯᠤᠰ ᠢᠷᠡᠭᠡᠳᠦᠢ ᠲᠠᠢ ᠥᠪᠥᠷ ᠮᠣᠩᠭᠤᠯ ᠲᠠᠵᠢᠬᠡᠵᠤ ᠪᠠᠶᠢᠭ᠎ᠠ ᠠᠳᠤᠭᠤᠨ ᠤ ᠲᠤᠭ᠎ᠠ ᠬᠡᠮᠵᠢᠶ᠎ᠡ ᠪᠠᠷ ᠪᠦᠬᠦ ᠤᠯᠤᠰ ᠤᠨ ᠲᠡᠷᠢᠭᠦᠨ ᠳᠤ ᠣᠷᠣᠵᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠤᠳᠤ ᠦᠶ᠎ᠡ ᠶᠢᠨ ᠠᠳᠤᠭᠤᠨ ᠤ ᠲᠥᠷᠥᠯ ᠵᠦᠢᠯ ᠤᠨ ᠡᠭᠦᠰᠦᠯ ᠤᠨ ᠭᠠᠵᠠᠷ ᠪᠣᠯᠬᠤ ᠶᠤᠮ᠃ ᠬᠦᠬᠡᠬᠤᠲᠠ ᠨᠢᠭᠡᠨᠲᠡ ᠠᠽᠢᠶ᠎ᠠ ᠲᠢᠪ ᠤᠨ ᠬᠡᠪᠴᠢᠶ᠎ᠡ ᠪᠠᠷ ᠬᠠᠮᠤᠭ ᠤᠨ ᠶᠡᠭᠡ ᠮᠣᠷᠢᠨ ᠣᠷᠣᠯᠳᠤᠭᠠᠨ ᠤ ᠲᠠᠯᠠᠪᠠᠢ ᠶᠢ ᠪᠦᠳᠦᠬᠡᠨ ᠪᠠᠶᠢᠭᠤᠯᠵᠠᠢ᠃
ᠳᠤᠮᠳᠠᠳᠤ ᠤᠯᠤᠰ ᠤᠨ ᠠᠳᠤᠭᠤᠨ ᠰᠣᠶᠣᠯ ᠤᠨ ᠦᠯᠢᠭᠡᠷ ᠵᠢᠴᠢ ᠳᠤᠮᠳᠠᠳᠤ ᠤᠯᠤᠰ ᠤᠨ ᠠᠳᠤᠭᠤᠨ ᠰᠣᠶᠣᠯ ᠤᠨ ᠳᠡᠯᠡᠬᠡᠶ ᠳ᠋ᠠᠬᠢᠨ ᠳᠠᠬᠢ ᠨᠦᠯᠦᠭᠡ ᠲᠤᠰᠬᠠᠯ ᠵᠡᠷᠬᠡ ᠶᠢ ᠭᠤᠤᠯᠴᠢᠯᠠᠨ ᠃