ᠵᠤᠬᠢᠶᠠᠭᠴᠢ:
ᠴᠠᠭ:2019-10-25
ᠥᠵᠡᠭᠰᠡᠨ : ℃
ᠢᠷᠡᠯᠲᠡ:
ᠤᠯᠠᠨ ᠤᠯᠤᠰ ᠤᠨ ᠰᠤᠷᠪᠤᠯᠵᠢ ᠰᠤᠳᠤᠯᠤᠯ ᠤᠨ ᠲᠦᠪ ᠬᠦᠬᠡᠬᠤᠳᠠ ᠳ᠋ᠤ ᠪᠠᠶᠢᠭᠤᠯᠤᠭᠳᠠᠪᠠ
ᠬᠦᠬᠡᠬᠤᠳᠠ 2019 10 ᠰᠠᠷ᠎ᠠ 25 ᠡᠳᠤᠷ ᠤᠨ ᠴᠠᠬᠢᠯᠭᠠᠨ ᠮᠡᠳᠡᠬᠡ ᠦᠪᠦᠷ ᠮᠤᠩᠭ᠋ᠤᠯ ᠤᠨ ᠪᠠᠭᠰᠢ ᠶᠡᠬᠡ ᠰᠤᠷᠭᠠᠭᠤᠯᠢ ᠡᠴᠡ ᠤᠶᠢᠯᠠᠭᠠᠭᠰᠠᠨ ᠢᠶᠡᠷ᠂ ᠦᠪᠦᠷ ᠮᠤᠩᠭ᠋ᠤᠯ ᠤᠨ ᠪᠠᠭᠰᠢ ᠶᠡᠬᠡ ᠰᠤᠷᠭᠠᠭᠤᠯᠢ ᠬᠤᠤᠰ ᠲᠡᠷᠢᠭᠦᠨ ᠪᠦᠳᠦᠭᠡᠨ ᠪᠠᠶᠢᠭᠤᠯᠤᠯᠲᠠ ᠪᠠ ᠤᠯᠠᠨ ᠤᠯᠤᠰ ᠤᠨ ᠡᠷᠳᠡᠮ ᠰᠢᠨᠵᠢᠯᠡᠬᠡᠨ ᠤ ᠰᠤᠯᠢᠯᠴᠠᠭ᠎ᠠ ᠪᠠᠨ ᠠᠬᠢᠭᠤᠯᠬᠤ ᠲᠦᠯᠦᠬᠡ᠂ 25 ᠡᠳᠤᠷ ᠤᠯᠠᠨ ᠤᠯᠤᠰ ᠤᠨ ᠮᠤᠩᠭ᠋ᠤᠯ ᠰᠤᠷᠪᠤᠯᠵᠢ ᠪᠢᠴᠢᠭ᠌᠌ ᠰᠤᠳᠤᠯᠤᠯ ᠤᠨ ᠲᠦᠪ ᠪᠠᠶᠢᠭᠤᠯᠪᠠ᠃

ᠲᠤᠰ ᠲᠦᠪ ᠨᠢ ᠦᠪᠦᠷ ᠮᠤᠩᠭ᠋ᠤᠯ ᠤᠨ ᠪᠠᠭᠰᠢ ᠶᠡᠬᠡ ᠰᠤᠷᠭᠠᠭᠤᠯᠢ ᠶ᠋ᠢᠨ ᠰᠤᠳᠤᠯᠤᠯ ᠤᠨ ᠪᠦᠳᠦᠭᠡᠨ ᠪᠠᠶᠢᠭᠤᠯᠤᠯᠲᠠ᠂ ᠤᠯᠠᠨ ᠤᠯᠤᠰ ᠤᠨ ᠮᠤᠩ᠋ᠭᠤᠯ ᠰᠤᠳᠤᠯᠤᠯ ᠤᠨ ᠰᠤᠳᠤᠯᠤᠯ ᠤᠨ ᠪᠦᠳᠦᠭᠡᠨ ᠪᠠᠶᠢᠭᠤᠯᠤᠯᠲᠠ᠂ ᠦᠪᠦᠷ ᠮᠤᠩᠭ᠋ᠤᠯ ᠤᠨ ᠪᠠᠭᠰᠢ ᠶᠡᠬᠡ ᠰᠤᠷᠭᠠᠭᠤᠯᠢ ᠵᠢᠭᠠᠨ ᠰᠤᠷᠭᠠᠯᠲᠠ ᠪᠠ ᠡᠷᠳᠡᠮ ᠰᠢᠨᠵᠢᠯᠡᠭᠡᠨ ᠳ᠋ᠥ ᠭᠤᠤᠯᠴᠢᠯᠠᠨ ᠦᠢᠯᠡᠴᠢᠯᠡᠵᠤ᠂ ᠨᠢᠭᠡ ᠪᠦᠰᠡ ᠨᠢᠭᠡ ᠵᠠᠮ ᠲᠠᠭᠠᠤ ᠤᠯᠤᠰ ᠤᠷᠤᠨ ᠤ ᠮᠤᠩᠭ᠋ᠤᠯ ᠰᠤᠷᠪᠤᠯᠵᠢ ᠪᠢᠴᠢᠭ᠌᠌ ᠴᠤᠪᠤᠷᠠᠯ ᠵᠢᠷᠤᠭᠲᠤ ᠨᠤᠮ ᠪᠠ ᠮᠤᠩᠭ᠋ᠤᠯ ᠰᠤᠷᠪᠤᠯᠵᠢ ᠪᠢᠴᠢᠭ᠌᠌ ᠰᠤᠳᠤᠯᠭᠠᠨ ᠤ ᠴᠤᠪᠤᠷᠠᠯ ᠨᠤᠮ᠂ ᠤᠯᠠᠨ ᠤᠯᠤᠰ ᠤᠨ ᠮᠤᠩ᠋ᠭᠤᠯ ᠰᠤᠳᠤᠯᠤᠯ ᠤᠨ ᠬᠠᠮᠤᠭ ᠤᠨ ᠲᠤᠮᠤ᠂ ᠬᠠᠮᠤᠭ ᠤᠨ ᠦᠨᠳᠤᠰᠦᠨ ᠴᠤᠪᠤᠷᠠᠯ ᠨᠤᠮ ᠢ ᠲᠦᠰᠦᠪᠯᠡᠨ ᠬᠡᠪᠯᠡᠬᠦ᠂ ᠤᠯᠠᠨ ᠤᠯᠤᠰ ᠤᠨ ᠪᠠ ᠤᠯᠤᠰ ᠤᠨ ᠲᠤᠳᠤᠭᠠᠳᠤ ᠡᠷᠳᠡᠮ ᠰᠢᠨᠵᠢᠯᠡᠭᠡᠨ ᠤ ᠬᠤᠷᠠᠯ᠂ ᠲᠡᠭᠡᠳᠤ ᠲᠦᠪᠰᠢᠨ ᠤ ᠯᠸᠺᠼᠢ ᠵᠤᠬᠢᠶᠠᠨ ᠪᠠᠶᠢᠭᠤᠯᠬᠤ᠂ ᠮᠤᠩᠭ᠋ᠤᠯ ᠰᠤᠷᠪᠤᠯᠵᠢ ᠪᠢᠴᠢᠭ᠌᠌ ᠳ᠋ᠡᠶᠢᠲ᠋ᠨ ᠬᠦᠮᠦᠷᠭᠡ ᠪᠠᠶᠢᠭᠤᠯᠬᠤ ᠵᠡᠷᠬᠡ ᠠᠵᠢᠯ ᠢ ᠭᠠᠷᠳᠠᠨ ᠃