ᠵᠤᠬᠢᠶᠠᠭᠴᠢ:
ᠴᠠᠭ:2019-10-24
ᠥᠵᠡᠭᠰᠡᠨ : ℃
ᠢᠷᠡᠯᠲᠡ:
ᠲᠠᠯ᠎ᠠ ᠨᠤᠲᠤᠭ ᠤᠨ ᠰᠣᠶᠣᠯ ᠨᠢ ᠳᠤᠮᠳᠠᠳᠤ ᠤᠯᠤᠰ ᠤᠮᠠᠷᠠᠲᠤ ᠣᠷᠣᠨ ᠂ ᠬᠥᠬᠡᠮᠥ᠋ᠷᠡᠨ ᠦ ᠰᠣᠶᠣᠯ ᠪᠠ ᠬᠠᠳᠤᠨ ᠰᠣᠶᠣᠯ ᠲᠠᠢ ᠤᠷᠳᠤ ᠬᠤᠭᠤᠴᠠᠭ᠎ᠠ ᠪᠠᠷ ᠬᠠᠷᠢᠯᠴᠠᠨ ᠬᠥᠳᠡᠯᠦᠯᠴᠡᠬᠦ ᠶᠠᠪᠤᠴᠠ ᠳᠤ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠣᠯᠤᠭᠰᠠᠨ ᠪᠠᠶᠢᠨ᠎ᠠ ᠃ ᠨᠡᠭᠡᠭᠡᠯᠲᠡᠲᠦ ᠴᠢᠨᠠᠷ ᠪᠠ ᠬᠥᠳᠡᠯᠦᠩᠭᠦᠶ ᠴᠢᠨᠠᠷ ᠢᠶᠠᠷ ᠥᠪᠡᠷᠮᠢᠴᠡ ᠨᠡᠶᠢᠭᠡᠮ ᠦᠨ ᠰᠣᠶᠣᠯ ᠤᠨ ᠬᠡᠯᠪᠡᠷᠢ ᠪᠠᠶᠢᠳᠠᠯ ᠢ ᠪᠦᠷᠢᠯᠳᠦᠭᠦᠯᠵᠦ ᠂ ᠮᠣᠩᠭᠣᠯ ᠤᠨ ᠥᠨᠳᠥᠷᠯᠢᠭ ᠢᠶᠡᠷ ᠲᠥᠪ ᠪᠣᠯᠭᠠᠭᠰᠠᠨ ᠪᠠ ᠧᠦ᠋ᠷᠣᠫᠠ ᠠᠽᠢᠶ᠎ᠠ ᠶᠢᠨ ᠡᠬᠡ ᠬᠠᠭᠤᠷᠠᠶ ᠶᠢᠨ ᠥᠷᠭᠡᠨ ᠠᠭᠤᠳᠠᠮ ᠲᠠᠯ᠎ᠠ ᠨᠤᠲᠤᠭ ᠠᠷᠤ ᠦᠵᠡᠭᠳᠡᠯ ᠪᠣᠯᠭᠠᠵᠤ ᠂ ᠳᠤᠮᠳᠠᠳᠤ ᠤᠯᠤᠰ ᠤᠮᠠᠷᠠᠲᠤ ᠣᠷᠣᠨ ᠤ ᠣᠨᠴᠠ ᠲᠣᠭᠲᠠᠭᠰᠠᠨ ᠭᠠᠵᠠᠷ ᠵᠦᠶ ᠶᠢᠨ ᠣᠷᠴᠢᠨ ᠲᠣᠭᠣᠷᠢᠨ ᠂ ᠠᠭᠤᠷ ᠠᠮᠢᠰᠬᠤᠯ ᠤᠨ ᠨᠥᠬᠥᠴᠡᠯ ᠂ ᠬᠥᠮᠦᠰ ᠦᠨ ᠠᠷᠭ᠎ᠠ ᠮᠠᠶ᠋ᠢᠭ ᠂ ᠠᠮᠢᠳᠤᠷᠠᠯ ᠤᠨ ᠠᠷᠭ᠎ᠠ ᠮᠠᠶ᠋ᠢᠭ ᠂ ᠰᠡᠳᠬᠢᠬᠦᠶ ᠶᠢᠨ ᠠᠷᠭ᠎ᠠ ᠮᠠᠶ᠋ᠢᠭ ᠢᠶᠠᠷ ᠪᠦᠷᠢᠯᠳᠦᠭᠰᠡᠨ ᠥᠪᠡᠷᠮᠢᠴᠡ ᠰᠣᠶᠣᠯ ᠤᠨ ᠬᠡᠯᠪᠡᠷᠢ ᠪᠣᠯᠤᠨ᠎ᠠ ᠃ ᠲᠠᠯ᠎ᠠ ᠨᠤᠲᠤᠭ ᠤᠨ ᠰᠣᠶᠣᠯ ᠪᠣᠯ ᠲᠠᠯ᠎ᠠ ᠨᠤᠲᠤᠭ ᠲᠠᠬᠢ ᠡᠪᠦᠭᠡ ᠳᠡᠭᠡᠳᠦᠰ ᠂ ᠠᠶᠢᠮᠠᠭ ᠂ ᠦᠨᠳᠦᠰᠦᠲᠡᠨ ᠬᠠᠮᠲᠤ ᠪᠠᠷ ᠡᠭᠦᠳᠦᠨ ᠪᠦᠲᠦᠭᠡᠭᠰᠡᠨ ᠲᠠᠯ᠎ᠠ ᠨᠤᠲᠤᠭ ᠤᠨ ᠣᠷᠴᠢᠨ ᠲᠣᠭᠣᠷᠢᠨ ᠲᠠᠶ ᠵᠣᠬᠢᠴᠠᠭᠰᠠᠨ ᠰᠣᠶᠣᠯ ᠪᠣᠯᠤᠨ᠎ᠠ ᠃ ᠡᠭᠦᠨ ᠳᠦ ᠲᠠᠯ᠎ᠠ ᠨᠤᠲᠤᠭ ᠤᠨ ᠬᠥᠮᠦᠰ ᠦᠨ ᠠᠷᠭ᠎ᠠ ᠮᠠᠶ᠋ᠢᠭ ᠂ ᠠᠮᠢᠳᠤᠷᠠᠯ ᠤᠨ ᠠᠷᠭ᠎ᠠ ᠮᠠᠶ᠋ᠢᠭ ᠵᠢᠴᠢ ᠡᠭᠦᠨ ᠲᠡᠶ ᠵᠣᠬᠢᠴᠠᠭᠰᠠᠨ ᠵᠠᠩ ᠳᠠᠳᠬᠠᠯ ᠂ ᠪᠠᠶᠢᠭᠤᠯᠤᠯ ᠂ ᠱᠠᠰᠢᠨ ᠰᠢᠲᠦᠯᠭᠡ ᠂ ᠤᠳᠬ᠎ᠠ ᠵᠣᠬᠢᠶᠠᠯ ᠤᠷᠠᠯᠢᠭ ᠵᠡᠷᠭᠡ ᠰᠣᠶᠣᠯ ᠪᠠᠭᠲᠠᠨ᠎ᠠ ᠃
ᠥᠪᠥᠷ ᠮᠣᠩᠭᠣᠯ ᠤᠨ ᠲᠠᠯ᠎ᠠ ᠨᠤᠲᠤᠭ ᠤᠨ ᠰᠣᠶᠣᠯ ᠤᠨ ᠰᠤᠳᠤᠯᠭᠠᠨ ᠨᠢᠭᠡᠨᠲᠡ ᠣᠯᠠᠨ ᠵᠢᠯ ᠶᠠᠪᠤᠭᠳᠠᠭᠰᠠᠨ ᠪᠣᠯᠪᠠᠴᠤ ᠥᠩᠭᠡᠷᠡᠭᠡᠭᠰᠡᠨ ᠳᠦ ᠂ ᠡᠷᠳᠡᠮ ᠰᠢᠨᠵᠢᠯᠡᠭᠡᠨ ᠦ ᠬᠢᠨ ᠲᠣᠰ ᠰᠢᠨᠵᠢᠯᠡᠭᠡᠨ ᠦ ᠲᠥᠷᠥᠯ ᠳᠦ ᠬᠠᠮᠲᠤ ᠶᠢᠨ ᠲᠠᠨᠢᠯᠲᠠ ᠲᠠᠶ ᠪᠣᠯᠵᠤ ᠴᠢᠳᠠᠭᠰᠠᠨ ᠥᠬᠡᠶ ᠃ 1989 ᠣᠨ ᠠᠴᠠ ᠡᠮᠦᠨ᠎ᠡ ᠤᠮᠠᠷᠠᠲᠤ ᠶᠢᠨ ᠦᠨᠳᠦᠰᠦᠲᠡᠨ ᠦ ᠰᠣᠶᠣᠯ ᠪᠤᠶᠤ ᠨᠡᠭᠦᠳᠡᠯ ᠮᠠᠯᠵᠢᠯ ᠤᠨ ᠰᠣᠶᠣᠯ ᠭᠡᠵᠦ ᠨᠡᠷᠡᠶᠢᠳᠦᠭᠰᠡᠨ ᠪᠥᠭᠡᠳ ᠠᠯᠢ ᠣᠯᠠᠨ ᠴᠢᠬᠤᠯᠠ ᠢ ᠣᠯᠵᠤ ᠂ ᠬᠣᠵᠢᠮ ᠤᠨ ᠡᠨᠡ ᠬᠦ ᠬᠦᠷᠢᠶ᠎ᠡ ᠬᠡᠪᠴᠢᠶᠡᠨ ᠦ ᠰᠤᠳᠤᠯᠤᠯ ᠳᠤ ᠮᠠᠰᠢ ᠰᠠᠶᠢᠨ ᠰᠠᠭᠤᠷᠢ ᠶᠢ ᠲᠠᠯᠪᠢᠵᠤ ᠥᠭᠴᠡᠶ ᠃ ᠥᠩᠭᠡᠷᠡᠭᠰᠡᠨ ᠰᠤᠳᠤᠯᠭᠠᠨ ᠨᠢ ᠠᠳᠠᠯᠢ ᠪᠤᠰᠤ ᠴᠠᠭ ᠦᠶ᠎ᠡ ᠂ ᠠᠳᠠᠯᠢ ᠪᠤᠰᠤ ᠦᠨᠳᠦᠰᠦᠲᠡᠨ ᠂ ᠤᠳᠬ᠎ᠠ ᠵᠣᠬᠢᠶᠠᠯ ᠂ ᠦᠭᠡ ᠬᠡᠯᠡ ᠂ ᠱᠠᠰᠢᠨ ᠰᠤᠷᠲᠠᠬᠤᠨ ᠵᠡᠷᠭᠡ ᠲᠤᠰᠬᠠᠶ ᠰᠡᠳᠦᠪᠲᠦ ᠬᠦᠷᠢᠶᠡᠨ ᠳᠦ ᠲᠥᠪᠯᠡᠷᠡᠵᠦ ᠂ ᠲᠠᠯ᠎ᠠ ᠨᠤᠲᠤᠭ ᠤᠨ ᠰᠣᠶᠣᠯ ᠢ ᠪᠦᠬᠦᠯᠢ ᠴᠣᠭᠴᠠ ᠶᠢᠨ ᠰᠤᠳᠤᠯᠤᠭᠳᠠᠬᠤᠨ ᠪᠣᠯᠭᠠᠭᠰᠠᠨ ᠦᠭᠡᠢ ᠂ ᠢᠯᠠᠩᠭᠤᠶ᠎ᠠ ᠳᠤᠮᠳᠠᠳᠤ ᠶᠢᠨ ᠰᠣᠶᠣᠯ ᠤᠨ ᠴᠢᠬᠤᠯᠠ ᠪᠦᠷᠢᠯᠳᠦᠬᠦᠨ ᠬᠡᠰᠡᠭ ᠪᠠ ᠡᠬᠢ ᠰᠤᠷᠪᠤᠯᠵᠢ ᠶᠢᠨ ᠨᠢᠭᠡ ᠪᠣᠯᠭᠠᠵᠤ ᠪᠦᠬᠦ ᠲᠠᠯ᠎ᠠ ᠰᠢᠰᠲ᠋ᠧᠮ ᠲᠡᠶ ᠰᠤᠳᠤᠯᠤᠭᠰᠠᠨ ᠦᠭᠡᠢ ᠃ ᠲᠠᠯ᠎ᠠ ᠨᠤᠲᠤᠭ ᠤᠨ ᠰᠣᠶᠣᠯ ᠢ ᠰᠢᠨᠵᠢᠯᠡᠬᠦ ᠤᠬᠠᠭᠠᠨᠴᠢ ᠪᠠᠷ ᠵᠠᠭᠠᠭᠯᠠᠨ ᠲᠣᠭᠲᠠᠭᠠᠭᠰᠠᠨ ᠪᠥᠭᠡᠳ ᠲᠠᠯ᠎ᠠ ᠨᠤᠲᠤᠭ ᠤᠨ ᠰᠣᠶᠣᠯ ᠤᠨ ᠴᠢᠬᠤᠯᠠ ᠶᠡᠬᠡ ᠠᠰᠠᠭᠤᠳᠠᠯ ᠤᠨ ᠲᠤᠬᠠᠶ ᠣᠨᠣᠯ ᠬᠠᠷᠢᠭᠤᠯᠲᠠ ᠥᠭᠭᠦᠭᠰᠡᠨ ᠨᠢ ᠡᠸ ᠲᠤᠸᠠᠨ ᠶᠢᠩ ᠥᠪᠥᠷ ᠮᠣᠩᠭᠣᠯ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠬᠦᠷᠢᠶᠡᠯᠡᠩ ᠦᠨ ᠮᠡᠳᠡᠭᠡᠯᠡᠯ 2004 ᠣᠨ 9 ᠬᠤᠭᠤᠴᠠᠭᠠᠨ ᠤ ᠲᠠᠯ᠎ᠠ ᠨᠤᠲᠤᠭ ᠤᠨ ᠰᠣᠶᠣᠯ ᠤᠨ ᠰᠤᠳᠤᠯᠭᠠᠨ ᠤ ᠲᠤᠬᠠᠶ ᠣᠨᠣᠯ ᠠᠰᠠᠭᠤᠳᠠᠯ ᠬᠠᠮᠤᠭ ᠡᠷᠲᠡ ᠨᠡᠶᠢᠲᠡᠯᠡᠭᠰᠡᠨ ᠶᠠᠪᠤᠳᠠᠯ ᠪᠣᠯᠤᠨ᠎ᠠ