ᠵᠤᠬᠢᠶᠠᠭᠴᠢ:
ᠴᠠᠭ:2019-10-14
ᠥᠵᠡᠭᠰᠡᠨ : ℃
ᠢᠷᠡᠯᠲᠡ:
ᠲᠤᠮᠲᠠᠲᠤ ᠮᠤᠩᠭᠤᠯ ᠤᠷᠤᠰ ᠤᠨ ᠮᠤᠩᠭᠤᠯ ᠰᠤᠲᠤᠯᠤᠯ ᠤᠨ ᠤᠯᠠᠨ ᠤᠯᠤᠰ ᠤᠨ ᠡᠷᠲᠡᠮ ᠰᠢᠨᠵᠢᠯᠡᠭᠡᠨ ᠤ ᠰᠤᠲᠤᠯᠤᠨ ᠶᠠᠷᠢᠯᠴᠠᠬᠤ ᠠᠩᠬᠠᠲᠤᠭᠠᠷ ᠬᠤᠷᠠᠯ ᠪᠠᠭᠠᠷᠢᠨ ᠵᠡᠬᠦᠨ ᠬᠤᠰᠢᠭᠤᠨ ᠳ᠋ᠤ ᠵᠤᠬᠢᠶᠠᠨ ᠪᠠᠶᠢᠭᠤᠯᠤᠭᠲᠠᠪᠠ

2019 10 12—13 ᠡᠲᠦᠷ ᠂ ᠲᠤᠮᠲᠠᠲᠤ ᠮᠤᠩᠭᠤᠯ ᠤᠷᠤᠰ ᠤᠨ ᠮᠤᠩᠭᠤᠯ ᠰᠤᠲᠤᠯᠤᠯ ᠤᠨ ᠤᠯᠠᠨ ᠤᠯᠤᠰ ᠤᠨ ᠡᠷᠲᠡᠮ ᠰᠢᠨᠵᠢᠯᠡᠭᠡᠨ ᠤ ᠰᠤᠲᠤᠯᠤᠨ ᠶᠠᠷᠢᠯᠴᠠᠬᠤ ᠠᠩᠬᠠᠲᠤᠭᠠᠷ ᠬᠤᠷᠠᠯ ᠦᠪᠦᠷ ᠮᠤᠩᠭᠤᠯ ᠤᠨ ᠤᠯᠠᠭᠠᠨᠬᠠᠲᠠ ᠬᠤᠲᠠ ᠶᠢᠨ ᠪᠠᠭᠠᠷᠢᠨ ᠵᠡᠬᠦᠨ ᠬᠤᠰᠢᠭᠤᠨ ᠤ ᠲᠦᠪ ᠯᠢᠨᠳᠦ᠋ᠩ ᠪᠠᠯᠭᠠᠰᠤᠨ ᠳ᠋ᠤ ᠃
ᠬᠤᠷᠠᠯ ᠢ ᠦᠪᠦᠷ ᠮᠤᠩᠭᠤᠯ ᠤᠨ ᠶᠡᠬᠡ ᠰᠤᠷᠭᠠᠭᠤᠯᠢ᠂ ᠮᠤᠩᠭᠤᠯ ᠤᠯᠤᠰ ᠤᠨ ᠤᠯᠤᠰ ᠤᠨ ᠶᠡᠬᠡ ᠰᠤᠷᠭᠠᠭᠤᠯᠢ᠂ ᠤᠷᠤᠰ ᠤᠨ ᠰᠢᠨᠵᠢᠯᠡᠬᠦ ᠤᠬᠠᠭᠠᠨ ᠤ ᠠᠺᠠᠳᠧᠮᠢ ᠡᠴᠡ ᠭᠤᠤᠯᠯᠠᠨ ᠡᠷᠬᠢᠯᠡᠵᠦ᠂ ᠢᠲ᠋ᠠᠯᠢ ᠤᠯᠤᠰ ᠤᠨ ᠸᠧᠨᠧᠼᠢᠶ᠎ᠠ ᠶᠢᠨ ᠺᠠᠹᠤᠰᠺᠠᠷᠢ ᠶᠡᠬᠡ ᠰᠤᠷᠭᠠᠭᠤᠯᠢ᠂ ᠬᠠᠩᠭᠠᠷᠢ ᠶᠢᠨ ᠧᠦᠲ᠋ᠧᠤᠰ ᠯᠤᠷᠠᠨᠳ᠋ ᠶᠡᠬᠡ ᠰᠤᠷᠭᠠᠭᠤᠯᠢ᠂ ᠰᠽᠧᠭᠧᠳ᠋ ᠶᠡᠬᠡ ᠰᠤᠷᠭᠠᠭᠤᠯᠢ ᠡᠴᠡ ᠬᠠᠮᠵᠢᠵᠤ ᠡᠷᠬᠢᠯᠡᠨ᠂ ᠦᠪᠦᠷ ᠮᠤᠩᠭᠤᠯ ᠤᠨ ᠤᠯᠠᠭᠠᠨᠬᠠᠲᠠ ᠬᠤᠲᠠ ᠶᠢᠨ ᠪᠠᠭᠠᠷᠢᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠡᠴᠡ ᠬᠠᠷᠢᠭᠤᠴᠠᠨ ᠵᠤᠬᠢᠶᠠᠨ ᠪᠠᠶᠢᠭᠤᠯᠪᠠ᠃
ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠮᠤᠩᠭᠤᠯ ᠰᠤᠲᠤᠯᠤᠯ ᠤᠨ ᠲᠡᠭᠡᠳᠦ ᠰᠤᠷᠭᠠᠭᠤᠯᠢ ᠶᠢᠨ ᠪᠠᠶᠢᠩᠭᠤ ᠶᠢᠨ ᠲᠡᠳ᠋ ᠵᠠᠬᠢᠷᠤᠯ ᠤᠶᠤᠨᠴᠢ᠂ ᠲᠤᠰ ᠤᠲᠠᠭᠠᠨ ᠤ ᠬᠤᠷᠠᠯ ᠨᠢ ᠲᠦᠪ ᠢ ᠰᠠᠬᠢᠨ ᠰᠢᠨ᠎ᠡ ᠶᠢ ᠡᠭᠦᠳᠴᠤ᠂ ᠠᠽᠢᠶ᠎ᠠ ᠧᠦ᠋ᠷᠦᠫᠠ ᠳ᠋ᠤ ᠬᠠᠨᠲᠤᠵᠤ᠂ ᠬᠢᠯᠢ ᠰᠤᠨᠲᠠᠯᠠᠨ ᠨᠢᠭᠲᠠᠷᠠᠯᠴᠠᠵᠤ᠂ ᠲᠡᠯᠡᠬᠡᠢ ᠳ᠋ᠠᠬᠢᠨ ᠳ᠋ᠤ ᠬᠠᠷᠠᠭ᠎ᠠ ᠪᠠᠨ ᠲᠡᠯᠡᠶᠡ ᠭᠡᠬᠦ ᠭᠤᠤᠯ ᠰᠡᠳᠦᠪ ᠤᠨ ᠲᠠᠭᠠᠤ ᠭᠤᠤᠯᠲᠠᠭᠤ ᠮᠤᠩᠭᠤᠯ ᠬᠡᠯᠡ ᠦᠰᠦᠭ ᠪᠢᠴᠢᠭ᠌ ᠤᠨ ᠰᠤᠲᠤᠯᠭ᠎ᠠ᠂ ᠮᠤᠩᠭᠤᠯ ᠤᠳᠬ᠎ᠠ ᠵᠤᠬᠢᠶᠠᠯ ᠤᠨ ᠤᠷᠠᠯᠢᠭ ᠤᠨ ᠰᠤᠲᠤᠯᠭ᠎ᠠ᠂ ᠮᠤᠩᠭᠤᠯ ᠲᠡᠦᠬᠡ ᠰᠤᠶᠤᠯ ᠤᠨ ᠰᠤᠲᠤᠯᠭ᠎ᠠ᠂ ᠮᠤᠩᠭᠤᠯ ᠦᠨᠳᠦᠰᠦᠲᠡᠨ ᠤ ᠰᠤᠨᠢᠨ ᠮᠡᠲᠡᠭᠡ ᠲᠠᠮᠵᠢᠭᠤᠯᠭ᠎ᠠ ᠶᠢᠨ ᠰᠤᠲᠤᠯᠭ᠎ᠠ ᠵᠡᠷᠭᠡ ᠲᠦᠷᠪᠡᠨ ᠰᠢᠨᠵᠢᠯᠡᠭᠡᠨ ᠤ ᠬᠦᠷᠢᠶᠡᠨ ᠳ᠋ᠤ ᠬᠤᠯᠪᠤᠭᠲᠠᠬᠤ ᠪᠤᠯᠤᠨ᠎ᠠ᠃ ᠡᠷᠲᠡᠮ ᠰᠢᠨᠵᠢᠯᠡᠭᠡᠨ ᠤ ᠬᠤᠷᠠᠯ ᠶᠢᠡᠷ ᠲᠠᠮᠵᠢᠭᠤᠯᠤᠨ ᠲᠤᠲᠤᠭᠠᠲᠤ ᠭᠠᠲᠠᠭᠠᠲᠤ ᠶᠢᠨ ᠮᠤᠩᠭᠤᠯᠴᠢ ᠡᠷᠲᠡᠮᠲᠡᠳ ᠤᠨ ᠡᠷᠲᠡᠮ ᠰᠢᠨᠵᠢᠯᠡᠭᠡᠨ ᠤ ᠬᠠᠮᠲᠤᠷᠠᠯᠴᠠᠭ᠎ᠠ᠂ ᠰᠤᠯᠢᠯᠴᠠᠭ᠎ᠠ ᠶᠢ ᠴᠢᠩᠭᠠᠳᠬᠠᠨ ᠡᠭᠦᠨ ᠤ ᠤᠯᠠᠮ ᠶᠢᠡᠷ ᠡᠷᠲᠡᠮ ᠰᠢᠨᠵᠢᠯᠡᠭᠡᠨ ᠤ ᠬᠠᠷᠠᠭᠠᠰᠤ ᠶᠢ ᠦᠷᠭᠡᠳᠭᠡᠨ᠂ ᠵᠠᠯᠠᠭᠤ ᠡᠷᠲᠡᠮᠲᠡᠳ ᠲᠤ ᠰᠤᠲᠤᠯᠵᠤ ᠰᠤᠷᠤᠯᠴᠠᠬᠤ ᠠᠵᠠ ᠲᠤᠬᠢᠶᠠᠯ ᠢ ᠤᠯᠭᠤᠨ ᠮᠤᠩᠭᠤᠯ ᠰᠤᠲᠤᠯᠤᠯ ᠤᠨ ᠦᠷᠨᠢᠬᠦᠨ ᠬᠦᠭᠵᠢᠯᠲᠠ ᠶᠢ ᠠᠬᠢᠭᠤᠯᠬᠤ ᠵᠤᠷᠢᠯᠲᠠ ᠲᠠᠢ ᠶᠤᠮ ᠭᠡᠪᠡ᠃ ᠲᠤᠮᠲᠠᠲᠤ ᠤᠯᠤᠰ ᠤᠨ ᠦᠪᠦᠷ ᠮᠤᠩᠭᠤᠯ᠂ ᠪᠡᠭᠡᠵᠢᠩ᠂ ᠭᠠᠨᠰᠤ᠂ ᠯᠢᠶᠤᠤᠨᠢᠩ ᠵᠡᠷᠭᠡ ᠭᠠᠵᠠᠷ ᠮᠤᠩᠭᠤᠯ ᠤᠯᠤᠰ᠂ ᠤᠷᠤᠰ᠂ ᠬᠠᠩᠭᠠᠷᠢ᠂ ᠠᠩᠭ᠍ᠯᠢ᠂ ᠠᠮᠧᠷᠢᠺᠠ᠂ ᠺᠤᠷᠢᠶᠠ᠂ ᠶᠠᠫᠤᠨ᠂ ᠲᠦᠷᠺ ᠵᠡᠷᠭᠡ ᠤᠯᠤᠰ ᠤᠷᠤᠨ ᠤ ᠶᠡᠬᠡ ᠲᠡᠭᠡᠳᠦ ᠰᠤᠷᠭᠠᠭᠤᠯᠢ᠂ ᠰᠤᠲᠤᠯᠭᠠᠨ ᠤ ᠬᠦᠷᠢᠶᠡᠯᠡᠩ ᠤᠨ 150 ᠡᠷᠲᠡᠮᠲᠡᠳ ᠡᠴᠡ 106 ᠦᠭᠦᠯᠡᠯ ᠲᠡᠪᠰᠢᠬᠦᠯᠦᠨ ᠤᠷᠤᠯᠴᠠᠪᠠ᠃

ᠪᠠᠭᠠᠷᠢᠨ ᠵᠡᠬᠦᠨ ᠬᠤᠰᠢᠭᠤ ᠪᠤᠯ ᠤ ᠰᠤᠶᠤᠯ᠂ ᠬᠢᠲᠠᠨ ᠤ ᠰᠤᠶᠤᠯ ᠤᠨ ᠭᠤᠯᠤᠮᠲᠠ ᠤᠷᠤᠨ ᠪᠤᠯᠬᠤ ᠪᠦᠭᠡᠳ ᠡᠨᠡ ᠭᠠᠵᠠᠷ ᠬᠢᠲᠡᠨ ᠤ ᠲᠡᠭᠡᠳᠦ ᠨᠡᠶᠢᠰᠯᠡᠯ᠂ ᠬᠢᠲᠠᠨ ᠤ ᠬᠠᠭᠠᠳ ᠤᠨ ᠤᠩᠭᠤᠨ ᠵᠡᠷᠭᠡ ᠲᠡᠦᠬᠡ ᠶᠢᠨ ᠲᠤᠷᠠᠰᠬᠠᠯᠲᠤ ᠦᠪ ᠪᠠᠶᠢᠲᠠᠭ᠃ ᠤᠶᠤᠨᠴᠢ ᠬᠡᠯᠡᠬᠦ ᠳ᠋ᠡᠬᠡᠨ᠂ ᠲᠤᠰ ᠤᠲᠠᠭᠠᠨ ᠤ ᠬᠤᠷᠠᠯ ᠢ ᠪᠠᠭᠠᠷᠢᠨ ᠵᠡᠬᠦᠨ ᠬᠤᠰᠢᠭᠤᠨ ᠳ᠋ᠤ ᠵᠤᠬᠢᠶᠠᠨ ᠪᠠᠶᠢᠭᠤᠯᠤᠭᠰᠠᠨ ᠨᠢ ᠠᠴᠢ ᠬᠤᠯᠪᠤᠭᠲᠠᠯ ᠭᠦᠨ᠂ ᠤᠨᠴᠠᠭᠠᠢ ᠤᠳᠬ᠎ᠠ ᠠᠭᠤᠯᠭ᠎ᠠ ᠲᠠᠢ᠃ ᠡᠷᠲᠡᠮ ᠰᠢᠨᠵᠢᠯᠡᠭᠡᠨ ᠤ ᠬᠤᠷᠠᠯ ᠳ᠋ᠤ ᠤᠷᠤᠯᠴᠠᠭᠰᠠᠨ ᠡᠷᠲᠡᠮᠲᠡᠨ ᠰᠤᠲᠤᠯᠭᠠᠳᠠᠨ ᠡᠷᠲᠡᠮ ᠨᠤᠮ ᠶᠢᠡᠨ ᠰᠤᠯᠢᠯᠴᠠᠬᠤ ᠶᠢᠨ ᠲᠠᠭᠠᠤ ᠪᠠᠰᠠ ᠲᠤᠬᠠᠢ ᠶᠢᠨ ᠤᠷᠤᠨ ᠨᠤᠲᠤᠭ ᠤᠨ ᠰᠤᠶᠤᠯ ᠲᠡᠦᠬᠡ ᠶᠢᠨ ᠲᠤᠬᠠᠢ ᠤᠶᠢᠯᠠᠭᠠᠵᠤ ᠪᠤᠯᠤᠨ᠎ᠡ᠃ 2015 ᠤᠨ ᠳ᠋ᠤ ᠮᠠᠨ ᠤ ᠰᠤᠷᠭᠠᠭᠤᠯᠢ ᠪᠠᠭᠠᠷᠢᠨ ᠵᠡᠬᠦᠨ ᠬᠤᠰᠢᠭᠤᠨ ᠤ ᠠᠷᠠᠳ ᠤᠨ ᠵᠠᠰᠠᠭ ᠤᠨ ᠤᠷᠲᠤᠨ ᠲᠠᠢ ᠬᠠᠮᠲᠤᠷᠠᠯᠴᠠᠭᠠᠨ ᠤ ᠭᠡᠷ᠎ᠡ ᠲᠤᠬᠢᠷᠠᠯᠴᠠᠵᠤ᠂ ᠦᠪᠦᠷ ᠮᠤᠩᠭᠤᠯ ᠤᠨ ᠶᠡᠬᠡ ᠰᠤᠷᠭᠠᠭᠤᠯᠢ ᠶᠢᠨ ᠬᠢᠲᠠᠨ ᠤ ᠰᠤᠶᠤᠯ ᠤᠨ ᠠᠵᠤ ᠦᠢᠯᠡᠰᠵᠢᠯᠲᠡ ᠶᠢ ᠰᠤᠲᠤᠯᠬᠤ ᠲᠦᠪ ᠬᠢᠭᠡᠳ ᠤᠶᠤᠲᠠᠳ ᠤᠨ ᠲᠠᠲᠤᠯᠭ᠎ᠠ ᠶᠢᠨ ᠰᠠᠭᠤᠷᠢᠨ ᠭᠠᠵᠠᠷ ᠪᠠᠶᠢᠭᠤᠯᠤᠨ 2018 ᠤᠨ ᠤ 4 ᠰᠠᠷ᠎ᠠ ᠡᠴᠡ ᠡᠬᠢᠯᠡᠨ ᠬᠠᠮᠲᠤ ᠶᠢᠨ ᠦᠢᠯᠡ ᠠᠵᠢᠯᠯᠠᠭ᠎ᠠ ᠪᠠᠨ ᠡᠬᠢᠯᠡᠬᠦᠯᠪᠡ᠃ ᠡᠨᠡ ᠨᠢ ᠲᠤᠬᠠᠢ ᠶᠢᠨ ᠤᠷᠤᠨ ᠤ ᠰᠢᠯᠢᠲᠡᠭ ᠰᠤᠶᠤᠯ ᠤᠯᠠᠮᠵᠢᠯᠠᠯ ᠢ ᠤᠯᠠᠮ ᠦᠷᠭᠡᠨ ᠲᠡᠯᠭᠡᠷ ᠶᠢᠡᠷ ᠰᠤᠲᠤᠯᠵᠤ᠂ ᠰᠤᠶᠤᠯ ᠤᠨ ᠠᠵᠤ ᠦᠢᠯᠡᠰᠵᠢᠯᠲᠡ ᠶᠢ ᠠᠬᠢᠭᠤᠯᠤᠨ ᠶᠡᠬᠡ ᠲᠡᠭᠡᠳᠦ ᠰᠤᠷᠭᠠᠭᠤᠯᠢ ᠬᠢᠭᠡᠳ ᠤᠷᠤᠨ ᠨᠤᠲᠤᠭ ᠤᠨ ᠬᠠᠮᠲᠤᠷᠠᠯᠴᠠᠭᠠᠨ ᠤ ᠬᠡᠯᠪᠡᠷᠢ ᠲᠤᠷᠰᠢᠯᠭ᠎ᠠ ᠶᠢ ᠲᠦᠭᠡᠮᠡᠯᠵᠢᠬᠦᠯᠬᠦ ᠳ᠋ᠤ ᠴᠢᠬᠤᠯᠠ ᠨᠦᠬᠦᠴᠡᠯ ᠪᠤᠯᠤᠮᠵᠢ ᠪᠤᠯᠤᠭᠰᠠᠨ ᠪᠠᠶᠢᠨ᠎ᠠ ᠭᠡᠪᠡ᠃