ᠵᠤᠬᠢᠶᠠᠭᠴᠢ:
ᠴᠠᠭ:2019-09-27
ᠥᠵᠡᠭᠰᠡᠨ : ℃
ᠢᠷᠡᠯᠲᠡ:
ᠢᠦᠶ ᠴᠢᠤᠸᠠᠨ ᠲᠣᠭᠣᠷᠢᠭ ᠤᠨ ᠲᠣᠬᠢᠷᠠᠭᠤᠯᠤᠯᠲᠠ
ᠢᠷᠭᠡᠨ ᠤᠯᠤᠰ 38 ᠣᠨ 1949 ᠣᠨ 9 ᠰᠠᠷ᠎ᠠ ᠶᠢᠨ 19 ᠡᠳᠦᠷ ᠬᠣᠲᠠ ᠂ ᠢᠦᠶ ᠴᠢᠤᠸᠠᠨ ᠲᠣᠭᠣᠷᠢᠭ ᠨᠢ ᠬᠦᠢᠰᠦ᠋ᠢ ᠬᠣᠲᠠ ᠶᠢᠨ ᠠᠷᠠᠳ ᠤᠨ ᠵᠠᠰᠠᠭ ᠣᠷᠳᠣᠨ ᠃ 1950 ᠣᠨ 2 ᠰᠠᠷ᠎ᠠ ᠳᠤ ᠬᠦᠢᠰᠦ᠋ᠢ ᠬᠣᠲᠠ ᠶᠢᠨ ᠠᠷᠠᠳ ᠤᠨ ᠵᠠᠰᠠᠭ ᠣᠷᠳᠣᠨ ᠬᠠᠭᠤᠴᠢᠨ ᠬᠣᠲᠠ ᠲᠣᠭᠣᠷᠢᠭ ᠣᠷᠣᠨ ᠨᠢ ᠦᠨᠳᠦᠰᠦᠨ ᠳᠡᠭᠡᠨ ᠣᠳᠣ ᠶᠢᠨ ᠢᠦᠶ ᠴᠢᠤᠸᠠᠨ ᠲᠣᠭᠣᠷᠢᠭ ᠲᠠᠶ ᠲᠡᠩᠴᠡᠨ᠎ᠡ ᠬᠣᠶᠠᠳᠤᠭᠠᠷ ᠂ ᠭᠤᠷᠪᠠᠳᠤᠭᠠᠷ ᠂ ᠳᠥᠷᠪᠡᠳᠦᠭᠡᠷ 3 ᠲᠣᠭᠣᠷᠢᠭ ᠤᠨ ᠠᠯᠪᠠᠨ ᠭᠠᠵᠠᠷ ᠪᠣᠯᠭᠠᠨ ᠪᠠᠶᠢᠭᠤᠯᠵᠤ ᠂ ᠲᠣᠭᠣᠷᠢᠭ ᠤᠨ ᠠᠯᠪᠠᠨ ᠭᠠᠵᠠᠷ ᠨᠢᠭᠡᠪᠦᠷᠢ ᠨᠢ ᠬᠣᠲᠠ ᠶᠢᠨ ᠠᠷᠠᠳ ᠤᠨ ᠵᠠᠰᠠᠭ ᠣᠷᠳᠣᠨ ᠤ ᠲᠣᠮᠢᠯᠠᠭᠰᠠᠨ ᠪᠠᠶᠢᠭᠤᠯᠭ᠎ᠠ ᠪᠣᠯᠪᠠ ᠃ 1951 ᠣᠨ 6 ᠰᠠᠷ᠎ᠠ ᠳᠤ ᠂ ᠳᠥᠷᠪᠡᠳᠦᠭᠡᠷ ᠲᠣᠭᠣᠷᠢᠭ ᠤᠨ ᠠᠯᠪᠠᠨ ᠭᠠᠵᠠᠷ ᠢ ᠬᠣᠶᠠᠳᠤᠭᠠᠷ ᠲᠣᠭᠣᠷᠢᠭ ᠤᠨ ᠠᠷᠠᠳ ᠤᠨ ᠵᠠᠰᠠᠭ ᠣᠷᠳᠣᠨ ᠪᠣᠯᠭᠠᠨ ᠥᠭᠡᠷᠡᠴᠢᠯᠡᠪᠡ ᠬᠣᠶᠠᠳᠤᠭᠠᠷ ᠂ ᠭᠤᠷᠪᠠᠳᠤᠭᠠᠷ ᠲᠣᠭᠣᠷᠢᠭ ᠤᠨ ᠠᠯᠪᠠᠨ ᠭᠠᠵᠠᠷ ᠢ ᠨᠡᠶᠢᠯᠡᠭᠦᠯᠦᠭᠡᠳ ᠭᠤᠷᠪᠠᠳᠤᠭᠠᠷ ᠲᠣᠭᠣᠷᠢᠭ ᠤᠨ ᠠᠷᠠᠳ ᠤᠨ ᠵᠠᠰᠠᠭ ᠣᠷᠳᠣᠨ ᠪᠣᠯᠭᠠᠨ ᠥᠭᠡᠷᠡᠴᠢᠯᠡᠵᠦ ᠂ ᠰᠢᠩ ᠱᠧᠩ ᠵᠡᠭᠡᠯᠢ ᠳᠦ ᠃ ᠳᠡᠭᠡᠷ᠎ᠡ ᠳᠤᠷᠠᠳᠤᠭᠰᠠᠨ ᠬᠣᠶᠠᠷ ᠲᠣᠭᠣᠷᠢᠭ ᠤᠨ ᠠᠷᠠᠳ ᠤᠨ ᠵᠠᠰᠠᠭ ᠣᠷᠳᠣᠨ ᠨᠢ ᠴᠥᠮ ᠬᠠᠷᠢᠶ᠎ᠠ ᠰᠢᠶᠠᠨ ᠤ ᠱᠠᠲᠤᠨ ᠤ ᠵᠠᠰᠠᠭ ᠵᠠᠬᠢᠷᠭᠠᠨ ᠤ ᠣᠷᠣᠨ ᠤ ᠪᠣᠯᠤᠨ᠎ᠠ ᠃
1954 ᠣᠨ 3 ᠰᠠᠷ᠎ᠠ ᠳᠤ ᠂ ᠬᠣᠶᠠᠳᠤᠭᠠᠷ ᠲᠣᠭᠣᠷᠢᠭ ᠴᠢᠩ ᠺᠠᠶ ᠲᠣᠭᠣᠷᠢᠭ ᠂ ᠭᠤᠷᠪᠠᠳᠤᠭᠠᠷ ᠲᠣᠭᠣᠷᠢᠭ ᠢᠦᠶ ᠴᠢᠤᠸᠠᠨ ᠲᠣᠭᠣᠷᠢᠭ ᠭᠡᠵᠦ ᠨᠡᠷᠡᠯᠡᠪᠡ ᠃ 1956 ᠣᠨ 11 ᠰᠠᠷ᠎ᠠ ᠳᠤ ᠂ ᠴᠢᠩ ᠺᠠᠶ ᠲᠣᠭᠣᠷᠢᠭ ᠂ ᠤᠸᠯ ᠤᠨ ᠶᠡᠬᠡ ᠪᠠᠷᠠᠭᠤᠨ ᠵᠡᠭᠡᠯᠢ ᠵᠡᠷᠭᠡ ᠵᠡᠭᠡᠯᠢ ᠭᠤᠳᠤᠮᠵᠢ ᠶᠢ ᠢᠦᠶ ᠴᠢᠤᠸᠠᠨ ᠲᠣᠭᠣᠷᠢᠭ ᠤᠨ ᠠᠷᠠᠳ ᠤᠨ ᠵᠥᠪᠯᠡᠯ ᠳᠦ ᠬᠠᠷᠢᠶᠠᠯᠠᠭᠤᠯᠪᠠ ᠃ 1958 ᠣᠨ ᠳᠤ ᠂ ᠢᠦᠶ ᠴᠢᠤᠸᠠᠨ ᠲᠣᠭᠣᠷᠢᠭ ᠤᠨ ᠣᠷᠣᠨ ᠤ ᠳᠣᠲᠣᠷ᠎ᠠ ᠳ᠋ᠧ ᠱᠧᠩ ᠂ ᠴᠢᠩ ᠴᠢᠤᠸᠠᠨ ᠂ ᠴᠠᠩ ᠱᠧᠩ ᠂ ᠵᠤᠤ ᠂ ᠶᠠᠩ ᠵᠡᠷᠭᠡ 5 ᠠᠷᠠᠳ ᠤᠨ ᠨᠢᠭᠡᠳᠦᠯ ᠢ ᠪᠠᠶᠢᠭᠤᠯᠪᠠ ᠃
1963 ᠣᠨ ᠳᠤ ᠂ ᠳᠡᠭᠡᠷ᠎ᠡ ᠳᠤᠷᠠᠳᠤᠭᠰᠠᠨ 5 ᠨᠢᠭᠡᠳᠦᠯ ᠢ ᠳᠠᠷᠠᠭᠠᠯᠠᠨ ᠪᠠᠭ᠎ᠠ ᠵᠤᠤ ᠶᠢᠨ ᠡᠮᠦᠨ᠎ᠡ ᠵᠡᠭᠡᠯᠢ ᠂ ᠰᠢᠩ ᠯᠦᠩ ᠭᠤᠳᠤᠮᠵᠢ ᠂ ᠴᠠᠩ ᠾᠧ ᠬᠣᠩᠭᠢᠯ ᠂ ᠴᠠᠩ ᠱᠧᠩ ᠂ ᠳ᠋ᠠ ᠨᠠᠨ ᠵᠡᠭᠡᠯᠢ ᠶᠢᠨ 5 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠣᠯᠭᠠᠨ ᠥᠭᠡᠷᠡᠴᠢᠯᠡᠨ ᠪᠠᠶᠢᠭᠤᠯᠪᠠ ᠃ 1967 ᠣᠨ ᠳᠤ ᠂ ᠢᠦᠶ ᠴᠢᠤᠸᠠᠨ ᠲᠣᠭᠣᠷᠢᠭ ᠤᠨ ᠨᠡᠷ᠎ᠡ ᠶᠢ ᠰᠢᠶᠠᠩ ᠶᠠᠩ ᠲᠣᠭᠣᠷᠢᠭ ᠭᠡᠵᠦ ᠬᠠᠯᠠᠭᠠᠳ ᠂ ᠬᠤᠪᠢᠰᠬᠠᠯ ᠤᠨ ᠵᠥᠪᠯᠡᠯ ᠪᠠᠶᠢᠭᠤᠯᠪᠠ ᠃ 1980 ᠣᠨ 3 ᠰᠠᠷ᠎ᠠ ᠳᠤ ᠂ ᠢᠦᠶ ᠴᠢᠤᠸᠠᠨ ᠲᠣᠭᠣᠷᠢᠭ ᠤᠨ ᠨᠡᠷᠡᠶᠢᠳᠦᠯ ᠢ ᠰᠡᠷᠭᠦᠭᠡᠭᠰᠡᠨ ᠲᠣᠭᠣᠷᠢᠭ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠢᠶᠠᠷ ᠢᠦᠶ ᠴᠢᠤᠸᠠᠨ ᠲᠣᠭᠣᠷᠢᠭ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠪᠠ ᠠᠷᠠᠳ ᠤᠨ ᠵᠠᠰᠠᠭ ᠣᠷᠳᠣᠨ ᠢ ᠰᠣᠩᠭᠣᠵᠤ ᠭᠠᠷᠭᠠᠪᠠ ᠃ ᠢᠦᠶ ᠴᠢᠤᠸᠠᠨ ᠲᠣᠭᠣᠷᠢᠭ ᠤᠨ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠪᠠᠶᠢᠩᠭᠤ ᠶᠢᠨ ᠬᠣᠷᠢᠶ᠎ᠠ ᠪᠣᠯᠤᠨ ᠠᠷᠠᠳ ᠤᠨ ᠵᠠᠰᠠᠭ ᠣᠷᠳᠣᠨ ᠬᠡᠷᠡᠭ ᠵᠥᠪᠯᠡᠬᠦ ᠭᠤᠳᠤᠮᠵᠢ ᠠᠴᠠ ᠴᠡᠴᠡᠷᠯᠢᠭ ᠪᠠᠷᠠᠭᠤᠨ ᠵᠠᠮ ᠳᠤ ᠃