ᠵᠤᠬᠢᠶᠠᠭᠴᠢ:
ᠴᠠᠭ:2019-09-13
ᠥᠵᠡᠭᠰᠡᠨ : ℃
ᠢᠷᠡᠯᠲᠡ:
ᠥᠪᠥᠷ ᠮᠣᠩᠭᠣᠯ ᠤᠨ ᠠᠵᠤ ᠠᠬᠤᠢ ᠶᠢᠨ ᠤᠬᠠᠭᠠᠨ ᠤ ᠰᠤᠳᠤᠯᠤᠯ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠶᠢᠨ ᠪᠣᠯ ᠥᠪᠥᠷ ᠮᠣᠩᠭᠣᠯ ᠤᠨ ᠨᠡᠶᠢᠭᠡᠮ ᠦᠨ ᠬᠥᠭᠵᠢᠯᠲᠡ ᠶᠢᠨ ᠴᠢᠬᠤᠯᠠ ᠪᠦᠷᠢᠯᠳᠦᠬᠦᠨ ᠬᠡᠰᠡᠭ ᠮᠥᠨ ᠃ ᠲᠡᠷᠡ ᠨᠢ ᠣᠷᠣᠨ ᠤ ᠭᠠᠳᠠᠨᠠᠬᠢ ᠡᠷᠳᠡᠮᠲᠡᠳ ᠦᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠤᠬᠠᠭᠠᠨ ᠤ ᠰᠤᠳᠤᠯᠭᠠᠨ ᠤ ᠪᠣᠯᠬᠤ ᠡᠷᠳᠡᠮ ᠰᠢᠨᠵᠢᠯᠡᠭᠡᠨ ᠦ ᠠᠵᠢᠯᠯᠠᠭ᠎ᠠ ᠪᠠ ᠦᠷ᠎ᠡ ᠪᠦᠲᠦᠭᠡᠯ ᠢ ᠲᠡᠮᠳᠡᠭᠯᠡᠨ ᠲᠣᠭᠠᠴᠢᠵᠤ ᠂ ᠥᠪᠥᠷ ᠮᠣᠩᠭᠣᠯ ᠤᠨ ᠠᠵᠤ ᠠᠬᠤᠢ ᠶᠢᠨ ᠰᠤᠳᠤᠯᠭᠠᠨ ᠤ ᠦᠨᠳᠦᠰᠦᠨ ᠪᠠᠢᠳᠠᠯ ᠪᠠ ᠰᠤᠳᠠᠰᠤ ᠶᠢ ᠲᠣᠳᠣᠷᠬᠠᠶᠢᠯᠠᠨ ᠵᠢᠷᠤᠭᠯᠠᠵᠠᠶ ᠃
ᠥᠭᠡᠷᠡᠴᠢᠯᠡᠯᠲᠡ ᠨᠡᠭᠡᠭᠡᠯᠲᠡ ᠡᠴᠡ ᠥᠪᠥᠷ ᠮᠣᠩᠭᠣᠯ ᠤᠨ ᠠᠵᠤ ᠠᠬᠤᠢ ᠶᠢᠨ ᠬᠥᠭᠵᠢᠯᠲᠡ ᠨᠢᠰᠬᠦ ᠮᠡᠲᠦ ᠲᠦᠷᠭᠡᠨ ᠬᠥᠭᠵᠢᠪᠡ ᠃ ᠠᠵᠤ ᠠᠬᠤᠢ ᠶᠢᠨ ᠤᠬᠠᠭᠠᠨ ᠤ ᠰᠤᠳᠤᠯᠭᠠᠨ ᠤ ᠠᠵᠢᠯᠯᠠᠭ᠎ᠠ ᠡᠳᠦᠷ ᠢᠷᠡᠬᠦᠶ᠎ᠡ ᠬᠥᠭᠵᠢᠶᠡᠨᠲᠡᠶ ᠪᠣᠯᠵᠤ ᠂ ᠪᠠᠶᠠᠯᠢᠭ ᠦᠷ᠎ᠡ ᠪᠦᠲᠦᠭᠡᠯ ᠣᠯᠪᠠ ᠃
ᠥᠪᠥᠷ ᠮᠣᠩᠭᠣᠯ ᠤᠨ ᠠᠵᠤ ᠠᠬᠤᠢ ᠶᠢᠨ ᠤᠬᠠᠭᠠᠨ ᠤ ᠰᠤᠳᠤᠯᠤᠯ ᠳᠤ ᠬᠣᠯᠪᠣᠭᠳᠠᠬᠤ ᠬᠦᠷᠢᠶ᠎ᠡ ᠬᠡᠪᠴᠢᠶᠡᠨ ᠳᠦ ᠥᠪᠥᠷ ᠮᠣᠩᠭᠣᠯ ᠤᠨ ᠡᠷᠳᠡᠮᠲᠡᠳ ᠦᠨ ᠤᠯᠤᠰ ᠲᠥᠷᠦ ᠶᠢᠨ ᠠᠵᠤ ᠠᠬᠤᠢ ᠶᠢᠨ ᠤᠬᠠᠭᠠᠨ ᠤ ᠣᠨᠣᠯ ᠲᠤᠬᠠᠶ ᠰᠤᠳᠤᠯᠤᠯ ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢᠨ ᠲᠤᠬᠠᠶ ᠰᠤᠳᠤᠯᠤᠯ ᠂ ᠥᠪᠥᠷ ᠮᠣᠩᠭᠣᠯ ᠤᠨ ᠠᠵᠤ ᠠᠬᠤᠢ ᠶᠢᠨ ᠬᠥᠭᠵᠢᠯᠲᠡ ᠂ ᠥᠭᠡᠷᠡᠴᠢᠯᠡᠯᠲᠡ ᠂ ᠨᠡᠭᠡᠭᠡᠯᠲᠡ ᠶᠢᠨ ᠲᠤᠬᠠᠶ ᠰᠤᠳᠤᠯᠤᠯ ᠂ ᠪᠠᠰᠠ ᠠᠵᠤ ᠵᠠᠮ ᠬᠠᠷᠢᠯᠴᠠᠭᠠᠨ ᠤ ᠠᠵᠤ ᠠᠬᠤᠶ ᠂ ᠲᠠᠷᠢᠶᠠᠯᠠᠩ ᠮᠠᠯ ᠠᠵᠤ ᠠᠬᠤᠶ ᠂ ᠠᠷᠠᠯᠵᠢᠶ᠎ᠠ ᠬᠤᠳᠠᠯᠳᠤᠭᠠᠨ ᠤ ᠠᠵᠤ ᠠᠬᠤᠶ ᠂ ᠵᠢᠭᠤᠯᠴᠢᠯᠠᠯ ᠤᠨ ᠠᠵᠤ ᠠᠬᠤᠶ ᠂ ᠮᠡᠳᠡᠭᠡ ᠵᠠᠩᠭᠢ ᠶᠢᠨ ᠠᠵᠤ ᠠᠬᠤᠶ ᠵᠡᠷᠭᠡ ᠠᠵᠤ ᠦᠢᠯᠡᠰ ᠦᠨ ᠲᠠᠯ᠎ᠠ ᠶᠢᠨ ᠰᠤᠳᠤᠯᠤᠯ ᠪᠠᠭᠲᠠᠨ᠎ᠠ ᠃
ᠥᠪᠥᠷ ᠮᠣᠩᠭᠣᠯ ᠤᠨ ᠡᠷᠳᠡᠮᠲᠡᠳ ᠪᠦᠬᠦ ᠤᠯᠤᠰ ᠲᠤ ᠨᠡᠯᠢᠶᠡᠳ ᠶᠡᠬᠡ ᠨᠥᠯᠥᠭᠡ ᠲᠡᠶ ᠵᠠᠷᠢᠮ ᠣᠨᠣᠯ ᠦᠵᠡᠯᠲᠡ ᠳᠤᠷᠠᠳᠴᠠᠶ ᠂ ᠵᠢᠱᠢᠶᠡᠯᠡᠪᠡᠯ ᠤᠯᠤᠰ ᠳᠣᠲᠣᠭᠠᠳᠤ ᠶᠢᠨ ᠠᠵᠤ ᠠᠬᠤᠶ ᠮᠡᠷᠭᠡᠵᠢᠯ ᠦᠨ ᠰᠢᠯᠵᠢᠯᠲᠡ ᠶᠢ ᠡᠰᠡᠷᠭᠦᠴᠡᠬᠦ ᠣᠨᠣᠯ ᠂ ᠬᠥᠬᠡᠬᠣᠲᠠ ᠂ ᠪᠤᠭᠤᠲᠤ ᠬᠣᠲᠠ ᠂ ᠣᠷᠳᠣᠰ ᠬᠣᠲᠠ ᠶᠢᠨ ᠣᠷᠣᠨ ᠪᠦᠰᠡ ᠶᠢᠨ ᠬᠥᠭᠵᠢᠯᠲᠡ ᠶᠢᠨ ᠲᠤᠬᠠᠶ ᠠᠯᠲᠠᠨ ᠭᠤᠷᠪᠠᠯᠵᠢᠨ ᠣᠨᠣᠯ ᠦᠵᠡᠯᠲᠡ᠂ ᠥᠪᠥᠷ ᠮᠣᠩᠭᠣᠯ ᠤᠨ ᠠᠵᠤ ᠠᠬᠤᠢ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠰᠤᠳᠤᠯᠭᠠᠨ ᠂ ᠤᠮᠠᠷᠠᠰᠢ ᠨᠡᠭᠡᠭᠡᠵᠦ ᠡᠮᠦᠨᠡᠰᠢ ᠬᠣᠯᠪᠣᠭᠠᠯᠠᠬᠤ ᠂ ᠡᠪᠡᠰᠦ ᠮᠠᠯ ᠵᠡᠷᠭᠡᠪᠡᠷ ᠳᠠᠭᠠᠭᠠᠴᠢᠯᠠᠬᠤ ᠣᠨᠣᠯ ᠦᠵᠡᠯᠲᠡ ᠂ ᠡᠯᠡᠰᠦᠨ ᠦ ᠠᠵᠤ ᠂ ᠡᠪᠡᠰᠦᠨ ᠦ ᠠᠵᠤ ᠂ ᠣᠢ ᠰᠢᠭᠤᠶ ᠶᠢᠨ ᠠᠵᠤ ᠂ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ ᠣᠨᠣᠯ ᠦᠵᠡᠯᠲᠡ ᠵᠡᠷᠭᠡ ᠪᠣᠯᠤᠨ᠎ᠠ ᠃ ᠥᠪᠥᠷ ᠮᠣᠩᠭᠣᠯ ᠤᠨ ᠲᠤᠰᠬᠠᠶ ᠠᠵᠤ ᠠᠬᠤᠢ ᠶᠢᠨ ᠣᠨᠣᠯ ᠲᠤᠬᠠᠶ ᠰᠤᠳᠤᠯᠤᠯ ᠨᠢ ᠬᠥᠮᠦᠨ ᠠᠮᠠ ᠶᠢᠨ ᠠᠵᠤ ᠠᠬᠤᠶ ᠂ ᠦᠨᠳᠦᠰᠦᠲᠡᠨ ᠦ ᠠᠵᠤ ᠠᠬᠤᠶ ᠂ ᠡᠬᠢ ᠪᠠᠶᠠᠯᠢᠭ ᠣᠷᠴᠢᠨ ᠠᠵᠤ ᠠᠬᠤᠶ ᠂ ᠠᠮᠢ ᠠᠬᠤᠢ ᠶᠢᠨ ᠠᠵᠤ ᠠᠬᠤᠶ ᠂ ᠶᠠᠳᠠᠭᠤ ᠬᠦᠴᠢᠷᠳᠡᠯ ᠢ ᠡᠰᠡᠷᠭᠦᠴᠡᠬᠦ ᠠᠵᠤ ᠠᠬᠤᠢ ᠶᠢᠨ ᠲᠤᠬᠠᠶ ᠰᠤᠳᠤᠯᠤᠯ ᠂ ᠳᠤᠮᠳᠠᠳᠤ ᠤᠯᠤᠰ ᠡᠷᠲᠡᠨ ᠦ ᠪᠠ ᠣᠷᠴᠢᠨ ᠤᠳᠤ ᠦᠶ᠎ᠡ ᠶᠢᠨ ᠠᠵᠤ ᠠᠬᠤᠢ ᠶᠢᠨ ᠲᠤᠬᠠᠶ ᠰᠤᠳᠤᠯᠤᠯ ᠂ ᠣᠷᠣᠰ ᠂ ᠮᠣᠩᠭᠣᠯ ᠵᠡᠷᠭᠡ ᠤᠯᠤᠰ ᠢᠶᠠᠷ ᠪᠣᠯᠭᠠᠭᠰᠠᠨ ᠭᠠᠳᠠᠭᠠᠳᠤ ᠶᠢᠨ ᠠᠵᠤ ᠠᠬᠤᠢ ᠶᠢᠨ ᠰᠤᠳᠤᠯᠤᠯ ᠪᠣᠯᠤᠨ᠎ᠠ ᠃
ᠡᠳᠡᠭᠡᠷ ᠨᠢ ᠣᠷᠣᠨ ᠤ ᠳᠣᠲᠣᠷᠠᠬᠢ ᠡᠷᠳᠡᠮᠲᠡᠳ ᠦᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠳᠤ ᠬᠣᠯᠪᠣᠭᠳᠠᠬᠤ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠂ ᠰᠤᠳᠤᠯᠭᠠᠨ ᠤ ᠥᠭᠦᠯᠡᠯ ᠵᠢᠴᠢ ᠡᠷᠳᠡᠮ ᠰᠢᠨᠵᠢᠯᠡᠭᠡᠨ ᠦ ᠠᠵᠢᠯᠯᠠᠭ᠎ᠠ ᠳᠤ ᠲᠥᠪᠯᠡᠷᠡᠩᠭᠦᠶ ᠲᠤᠰᠬᠠᠭᠳᠠᠵᠤ ᠃ ᠢᠯᠠᠩᠭᠤᠶ᠎ᠠ 20 ᠳ᠋ᠤᠭᠠᠷ ᠵᠠᠭᠤᠨ ᠤ ᠨᠠᠶᠠᠭᠠᠳ ᠣᠨ ᠠᠴᠠ ᠰᠤᠳᠤᠯᠭᠠᠨ ᠨᠡᠯᠢᠶᠡᠳ ᠲᠣᠪᠣᠢᠮ᠎ᠠ ᠪᠠᠶᠢᠨ᠎ᠠ ᠂ ᠲᠤᠬᠠᠶᠢᠯᠠᠪᠠᠯ ᠠᠵᠤ ᠠᠬᠤᠢ ᠶᠢᠨ ᠬᠥᠭᠵᠢᠯᠲᠡ ᠶᠢᠨ ᠵᠢᠴᠢ ᠬᠣᠲᠠ ᠪᠠᠯᠭᠠᠰᠤᠵᠢᠯᠲᠠ ᠂ ᠠᠵᠤ ᠂ ᠵᠠᠬ᠎ᠠ ᠳᠡᠯᠭᠡᠭᠦᠷᠴᠢᠯᠡᠯᠲᠡ ᠂ ᠣᠳᠣᠬᠢᠴᠢᠯᠠᠯᠲᠠ ᠵᠡᠷᠭᠡ ᠲᠠᠯ᠎ᠠ ᠶᠢᠨ ᠠᠭᠤᠯᠭ᠎ᠠ ᠶᠢ ᠰᠤᠳᠤᠯᠤᠨ᠎ᠠ ᠃ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠰᠤᠳᠤᠯᠤᠯ ᠤᠨ ᠲᠠᠯ᠎ᠠ ᠪᠠᠷ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠬᠤ ᠮᠠᠯᠵᠢᠬᠤ ᠣᠷᠣᠨ ᠤ ᠠᠵᠤ ᠠᠬᠤᠢ ᠶᠢᠨ ᠰᠤᠳᠤᠯᠤᠯ ᠤᠨ ᠲᠠᠶ ᠬᠦᠷᠢᠶ᠎ᠡ ᠪᠣᠯᠤᠨ ᠦᠷ᠎ᠡ ᠪᠦᠲᠦᠭᠡᠯ ᠢ ᠬᠤᠷᠢᠶᠠᠩᠭᠤᠶᠢᠯᠠᠵᠠᠶ ᠃