ᠵᠤᠬᠢᠶᠠᠭᠴᠢ:
ᠴᠠᠭ:2019-09-09
ᠥᠵᠡᠭᠰᠡᠨ : ℃
ᠢᠷᠡᠯᠲᠡ:
ᠳᠤᠮᠳᠠᠳᠤ ᠤᠯᠤᠰ ᠤᠨ ᠰᠢᠨᠵᠢᠯᠡᠭᠦ ᠤᠬᠠᠭᠠᠨ ᠬᠦᠭᠵᠢᠯᠲᠡ ᠶᠢᠨ 70 ᠵᠢᠯ 1949 —2019 ᠨᠤᠮ ᠢ ᠪᠡᠭᠡᠵᠢᠩ ᠳ᠋ᠤ ᠨᠡᠢᠲᠡᠯᠡᠪᠡ
2019 9 ᠰᠠᠷ᠎ᠠ ᠶᠢᠨ 9 ᠡᠳᠦᠷ ᠤᠨ ᠴᠠᠬᠢᠯᠭᠠᠨ ᠮᠡᠳᠡᠭᠡ ᠰᠢᠨᠵᠢᠯᠡᠬᠦ ᠤᠬᠠᠭᠠᠨ ᠶᠠᠮᠤᠨ ᠡᠴᠡ 100 ᠭᠠᠷᠤᠢ ᠲᠤᠰᠬᠠᠢ ᠮᠡᠷᠭᠡᠵᠢᠯᠲᠡᠨ ᠢ ᠵᠤᠬᠢᠶᠠᠨ ᠪᠠᠢᠭᠤᠯᠤᠨ 8 ᠰᠠᠷ᠎ᠠ ᠶᠢᠨ ᠬᠤᠭᠤᠴᠠᠭ᠎ᠠ ᠬᠡᠷᠡᠭᠰᠡᠨ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠬᠦᠭᠵᠢᠯᠲᠡ 70 ᠵᠢᠯ 1949 —2019 ᠭᠡᠬᠦ ᠨᠤᠮ ᠢ 2019 9 9 ᠡᠳᠦᠷ ᠤᠨ ᠦᠳᠡ ᠬᠤᠢᠨ᠎ᠠ ᠪᠡᠭᠡᠵᠢᠩ ᠳ᠋ᠤ ᠠᠯᠪᠠᠡ ᠶᠤᠰᠤᠭᠠᠷ ᠲᠠᠷᠬᠠᠭᠠᠪᠠ᠃
ᠰᠢᠨᠵᠢᠯᠡᠬᠦ ᠤᠬᠠᠭᠠᠨ ᠰᠤᠷᠪᠤᠯᠵᠢ ᠪᠢᠴᠢᠭ᠌ ᠤᠨ ᠬᠡᠪᠯᠡᠯ ᠤᠨ ᠬᠤᠷᠢᠶᠠᠨ ᠤ ᠬᠤᠷᠢᠶᠠᠨ ᠳᠠᠷᠤᠭ᠎ᠠ ᠬᠤᠩ ᠯᠢᠶᠠᠩ ᠤᠨ ᠲᠠᠨᠢᠯᠴᠠᠭᠤᠯᠤᠭᠰᠠᠨ ᠶᠢᠡᠷ᠂ ᠲᠤᠰ ᠨᠤᠮ ᠨᠢ ᠨᠡᠢᠲᠡ 5 ᠬᠡᠰᠡᠭ 21 ᠪᠦᠯᠦᠭ ᠶᠢᠡᠷ ᠪᠦᠷᠢᠯᠲᠦᠵᠦ᠂ ᠰᠢᠨ᠎ᠡ ᠳᠤᠮᠳᠠᠳᠤ ᠤᠯᠤᠰ ᠪᠠᠢᠭᠤᠯᠤᠭᠳᠠᠭᠰᠠᠨ 70 ᠵᠢᠯ ᠤᠨ ᠲᠤᠷᠰᠢᠬᠢ ᠮᠠᠨ ᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠰᠢᠨᠵᠢᠯᠡᠬᠦ ᠤᠬᠠᠭᠠᠨ ᠤᠷᠤᠭᠰᠢᠯᠠᠬᠤ ᠡᠴᠡ ᠰᠢᠨᠵᠢᠯᠡᠬᠦ ᠤᠬᠠᠭᠠᠨ ᠪᠤᠯ ᠨᠢᠭᠡᠳᠦᠭᠡᠷ ᠦᠢᠯᠡᠳᠪᠦᠷᠢᠯᠡᠯ ᠤᠨ ᠬᠦᠴᠦᠨ ᠬᠦᠷᠲᠡᠯ᠎ᠡ᠂ ᠰᠢᠨᠵᠢᠯᠡᠬᠦ ᠤᠬᠠᠭᠠᠨ ᠰᠤᠷᠭᠠᠨ ᠬᠦᠮᠦᠵᠢᠯ ᠶᠢᠡᠷ ᠤᠯᠤᠰ ᠶᠢᠡᠨ ᠮᠠᠨᠳᠤᠭᠤᠯᠬᠤ ᠪᠠᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠡᠴᠡ ᠰᠢᠨ᠎ᠡ ᠶᠢ ᠡᠭᠦᠳᠬᠦ ᠬᠡᠯᠪᠡᠷᠢ ᠶᠢᠨ ᠤᠯᠤᠰ ᠢ ᠪᠦᠲᠦᠭᠡᠨ ᠪᠠᠢᠭᠤᠯᠬᠤ ᠬᠦᠷᠲᠡᠯ᠎ᠡ᠂ ᠰᠢᠨ᠎ᠡ ᠶᠢ ᠡᠭᠦᠳᠬᠦ ᠪᠡᠷ ᠬᠦᠭᠵᠢᠯᠲᠡ ᠶᠢᠨ ᠬᠦᠳᠡᠯᠭᠡᠭᠦ ᠬᠦᠴᠦ ᠪᠤᠯᠭᠠᠬᠤ ᠪᠠᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠡᠴᠡ ᠳᠡᠯᠡᠬᠡᠢ ᠶᠢᠨ ᠰᠢᠨᠵᠢᠯᠡᠬᠦ ᠤᠬᠠᠭᠠᠨ ᠬᠦᠴᠦᠷᠬᠡᠭ ᠤᠯᠤᠰ ᠤᠨ ᠰᠢᠨ᠎ᠡ ᠠᠶᠠᠨ ᠤ ᠲᠡᠤᠬᠡᠨ ᠠᠬᠢᠴᠠ ᠶᠢ ᠡᠬᠢᠯᠡᠬᠦᠯᠬᠦ ᠬᠦᠷᠲᠡᠯ᠎ᠡ᠂ ᠮᠠᠨ ᠤ ᠤᠯᠤᠰ ᠤᠨ ᠰᠢᠨᠵᠢᠯᠡᠬᠦ ᠤᠬᠠᠭᠠᠨ ᠦᠢᠯᠡᠰ ᠤᠨ ᠭᠢᠯᠠᠯᠵᠠᠭᠰᠠᠨ ᠠᠮᠵᠢᠯᠲᠠ ᠶᠢ ᠨᠠᠷᠢᠯᠢᠭ ᠲᠤᠭᠠᠴᠢᠨ ᠬᠠᠷᠠᠭᠤᠯᠵᠦ᠂ ᠮᠠᠨ ᠤ ᠤᠯᠤᠰ ᠤᠨ ᠰᠢᠨᠵᠢᠯᠡᠬᠦ ᠤᠬᠠᠭᠠᠨ ᠦᠢᠯᠡᠰ ᠤᠨ ᠦᠭᠡᠷᠡᠴᠢᠯᠡᠯᠲᠡ ᠭᠦᠭᠵᠢᠯᠲᠡ ᠶᠢᠨ ᠲᠤᠷᠰᠢᠯᠭ᠎ᠠ ᠶᠢ ᠳ᠋ᠦᠩᠨᠡᠪᠡ᠃
ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠪ ᠬᠤᠷᠢᠶᠠᠨ ᠤ ᠨᠠᠮ ᠤᠨ ᠰᠤᠷᠭᠠᠭᠤᠯᠢ ᠶᠢᠨ ᠠᠵᠦ ᠠᠬᠤᠢ ᠶᠢᠨ ᠤᠬᠠᠭᠠᠨ ᠤ ᠬᠡᠯᠲᠡᠰ ᠤᠨ ᠫᠷᠦᠹᠧᠰᠰᠤᠷ ᠯᠢ ᠵᠢᠶᠠᠩ ᠲᠤᠤ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ 70 ᠵᠢᠯ ᠭᠡᠬᠦ ᠨᠤᠮ ᠤᠨ ᠬᠡᠪᠯᠡᠭᠲᠡᠭᠰᠡᠨ ᠨᠢ ᠤᠩᠰᠢᠭᠴᠢᠳ ᠤᠨ ᠰᠢᠨ᠎ᠡ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠶᠢᠨ ᠲᠡᠤᠬᠡ ᠶᠢ ᠰᠢᠰᠲ᠋ᠧᠮ ᠲᠠᠢ ᠤᠢᠯᠠᠭᠠᠬᠤ᠂ ᠳᠤᠮᠳᠠᠳᠤ ᠤᠯᠤᠰ ᠤᠨ ᠤᠨᠴᠠᠯᠢᠭ ᠪᠦᠬᠦᠢ ᠪᠡᠶ᠎ᠡ ᠪᠠᠨ ᠳᠠᠭᠠᠭᠠᠵᠦ ᠰᠢᠨ᠎ᠡ ᠶᠢ ᠡᠭᠦᠳᠬᠦ ᠵᠠᠮ ᠢ ᠰᠦᠪᠡᠭᠴᠢᠯᠡᠬᠦ᠂ ᠰᠢᠨᠵᠢᠯᠡᠬᠦ ᠤᠬᠠᠭᠠᠨ ᠲᠡᠤᠬᠡ ᠶᠢᠨ ᠡᠷᠳᠡᠮ ᠰᠢᠨᠵᠢᠯᠡᠭᠡᠨ ᠤ ᠰᠤᠳᠤᠯᠭᠠᠨ ᠢ ᠴᠢᠩᠭᠠᠳᠬᠠᠬᠤ ᠴᠦᠮ ᠴᠢᠬᠤᠯᠠ ᠦᠢᠯᠡᠳᠦᠯ ᠲᠠᠢ ᠶᠤᠮ ᠭᠡᠵᠡᠢ᠃