ᠵᠤᠬᠢᠶᠠᠭᠴᠢ:
ᠴᠠᠭ:2019-09-02
ᠥᠵᠡᠭᠰᠡᠨ : ℃
ᠢᠷᠡᠯᠲᠡ:
ᠬᠠᠪᠤᠲᠤ ᠬᠠᠰᠠᠷ ᠤᠨ ᠲᠠᠬᠢᠯᠭ᠎ᠠ ᠵᠢᠴᠢ ᠰᠤᠶᠤᠯ ᠤᠷᠠᠯᠢᠭ ᠤᠨ ᠨᠠᠢᠷ ᠳ᠋ᠤ ᠪᠤᠯᠪᠠ
ᠬᠦᠬᠡᠬᠤᠲᠠ ᠶᠢᠨ 8 ᠰᠠᠷ᠎ᠠ ᠶᠢᠨ 29 ᠡᠲᠦᠷ ᠤᠨ ᠴᠠᠬᠢᠯᠭᠠᠨ ᠮᠡᠲᠡᠭᠡ ᠲᠤᠯᠤᠲᠤᠭᠠᠷ ᠬᠤᠭᠤᠴᠠᠭᠠᠨ ᠤ ᠬᠠᠪᠤᠲᠤ ᠬᠠᠰᠠᠷ ᠤᠨ ᠲᠠᠬᠢᠯᠭ᠎ᠠ ᠵᠢᠴᠢ ᠰᠤᠶᠤᠯ ᠤᠷᠠᠯᠢᠭ ᠤᠨ 2019 8 27 ᠡᠲᠦᠷ ᠦᠪᠦᠷ ᠮᠤᠩᠭᠤᠯ ᠤᠨ ᠲᠠᠷᠬᠠᠨ ᠮᠤᠤᠮᠢᠩᠭᠠᠨ ᠬᠤᠯᠪᠤᠭᠠᠲᠤ ᠬᠤᠰᠢᠭᠤᠨ ᠤ ᠳ᠋ᠤ ᠤᠳᠬ᠎ᠠ ᠲᠡᠭᠦᠯᠲᠡᠷ ᠪᠤᠯᠵᠤ ᠦᠩᠭᠡᠷᠡᠪᠡ᠃
ᠲᠠᠬᠢᠯᠭ᠎ᠠ ᠶᠢᠨ ᠦᠶ᠎ᠠ ᠪᠡᠷ ᠬᠤᠯᠠ ᠤᠢᠷ᠎ᠠ ᠶᠢᠨ ᠮᠠᠯᠴᠢᠳ ᠰᠠᠮᠪᠠᠢ ᠬᠠᠲᠠᠭ ᠰᠠᠭᠠᠯᠢ ᠶᠢᠨ ᠲᠡᠭᠡᠵᠢ ᠲᠠᠬᠢᠯ ᠡᠷᠭᠦᠯ ᠲᠠᠢ ᠪᠠᠨ ᠡᠷᠲᠡ ᠢᠷᠡᠵᠦ ᠪᠤᠷᠤᠭᠠᠨ ᠬᠤᠷ᠎ᠠ ᠡᠯᠪᠡᠭ᠌᠂ ᠨᠤᠲᠤᠭ ᠤᠰᠤ ᠠᠮᠤᠭᠤᠯᠠᠩ᠂ ᠭᠡᠷ ᠬᠤᠲᠠᠯᠠᠭᠠᠷ ᠲᠦᠪᠰᠢᠨ ᠪᠠᠨ ᠪᠤᠭᠲᠠ ᠬᠠᠪᠤᠲᠤ ᠬᠠᠰᠠᠷ ᠲᠤ ᠰᠦᠰᠦᠭᠯᠡᠨ ᠲᠠᠭᠠᠳᠬᠠᠪᠠ᠃
ᠮᠦᠨ ᠲᠤᠬᠠᠢ ᠶᠢᠨ ᠡᠲᠦᠷ ᠬᠠᠪᠤᠲᠤ ᠬᠠᠰᠠᠷ ᠤᠨ ᠲᠠᠬᠢᠯᠭ᠎ᠠ ᠶᠢᠨ ᠠᠵᠢᠯᠯᠠᠭ᠎ᠠ ᠶᠠᠪᠤᠭᠲᠠᠭᠰᠠᠨ ᠡᠴᠡ ᠭᠠᠲᠠᠨ᠎ᠠ ᠮᠤᠷᠢ ᠤᠷᠤᠯᠲᠤᠬᠤ᠂ ᠰᠤᠷ ᠬᠠᠷᠪᠤᠬᠤ᠂ ᠪᠦᠬᠡ ᠪᠠᠷᠢᠯᠲᠤᠬᠤ᠂ ᠤᠷᠠᠨ ᠰᠠᠢᠬᠠᠨ ᠤ ᠲᠤᠭᠯᠠᠯᠲᠠ ᠵᠡᠷᠭᠡ ᠪᠠᠶᠠᠯᠢᠭ ᠠᠭᠤᠯᠭ᠎ᠠ ᠪᠦᠬᠦᠢ ᠰᠤᠶᠤᠯ ᠤᠷᠠᠯᠢᠭ ᠤᠨ ᠠᠵᠢᠯᠯᠠᠭ᠎ᠠ ᠪᠤᠯᠪᠠ᠃
ᠤᠲᠤᠬᠠᠨ ᠳ᠋ᠤ ᠬᠠᠪᠤᠲᠤ ᠬᠠᠰᠠᠷ ᠤᠨ ᠲᠠᠬᠢᠯᠭ᠎ᠠ ᠶᠢ ᠵᠢᠯ ᠳ᠋ᠤ ᠲᠠᠪᠤ ᠤᠲᠠᠭ᠎ᠠ ᠵᠤᠬᠢᠶᠠᠨ ᠪᠠᠢᠭᠤᠯᠤᠨ ᠶᠠᠪᠤᠭᠲᠠᠭᠤᠯᠲᠠᠭ᠃ ᠲᠤᠬᠠᠢᠯᠠᠪᠠᠯ ᠪᠢᠯᠢᠭ᠌ ᠤᠨ ᠤᠯᠠᠷᠢᠯ ᠤᠨ 2 ᠰᠠᠷ᠎ᠠ ᠶᠢᠨ 27 ᠡᠲᠦᠷ ᠂ ᠪᠢᠯᠢᠭ᠌ ᠤᠨ ᠤᠯᠠᠷᠢᠯ ᠤᠨ 5 ᠰᠠᠷ᠎ᠠ ᠶᠢᠨ 27 ᠡᠲᠦᠷ᠂ ᠪᠢᠯᠢᠭ᠌ ᠤᠨ ᠤᠯᠠᠷᠢᠯ ᠤᠨ 7 ᠰᠠᠷ᠎ᠠ ᠶᠢᠨ 27 ᠡᠲᠦᠷ᠂ ᠪᠢᠯᠢᠭ᠌ ᠤᠨ ᠤᠯᠠᠷᠢᠯ ᠤᠨ 10 ᠰᠠᠷ᠎ᠠ ᠶᠢᠨ 27 ᠡᠲᠦᠷ ᠲᠠᠬᠢᠯᠭ᠎ᠠ ᠬᠢᠲᠡᠭ᠃
ᠳᠠᠷᠬᠠᠨ ᠮᠤᠤᠮᠢᠩᠭᠠᠨ ᠬᠤᠯᠪᠤᠭᠠᠲᠦ ᠬᠤᠰᠢᠭᠤ ᠪᠤᠯ ᠦᠪᠦᠷ ᠮᠤᠩᠭᠤᠯ ᠤᠨ ᠬᠢᠯᠢ ᠬᠢᠵᠠᠭᠠᠷ ᠤᠨ ᠬᠤᠰᠢᠭᠤ ᠪᠦᠭᠡᠳ ᠮᠠᠯᠵᠢᠬᠤ ᠬᠤᠰᠢᠭᠤ ᠪᠤᠯᠤᠨ᠎ᠡ᠃ ᠪᠤᠭᠤᠲᠦ ᠬᠤᠲᠠ ᠮᠤᠩᠭᠤᠯ ᠦᠨᠳᠦᠰᠦᠲᠡᠨ ᠢᠶᠠᠷ ᠭᠤᠤᠯ ᠪᠤᠯᠭᠠᠵᠦ᠂ ᠬᠢᠲᠡᠳ ᠦᠨᠳᠦᠰᠦᠲᠡᠨ ᠤᠯᠠᠨ ᠲᠤᠭ᠎ᠠ ᠶᠢ ᠂ ᠤᠯᠡᠨ ᠦᠨᠳᠦᠰᠦᠲᠡᠨ ᠲᠦᠪᠯᠡᠷᠡᠨ ᠰᠠᠭᠤᠷᠢᠰᠢᠬᠰᠡᠨ ᠬᠢᠯᠢ ᠬᠢᠵᠠᠭᠠᠷ ᠤᠨ ᠴᠦᠬᠡᠨ ᠲᠤᠭᠠᠲᠦ ᠦᠨᠳᠦᠰᠦᠲᠡᠨ ᠤ ᠤᠷᠤᠨ ᠪᠤᠯᠤᠨ᠎ᠡ᠃ ᠤᠲᠤᠬᠠᠨ ᠳ᠋ᠤ ᠬᠠᠪᠤᠲᠤ ᠬᠠᠰᠠᠷ ᠤᠨ ᠲᠠᠬᠢᠯᠭ᠎ᠠ ᠶᠢᠨ ᠰᠠᠭᠤᠷᠢᠨ ᠨᠢ ᠤᠯᠤᠰ ᠤᠨ ᠲᠤᠲᠤᠭᠠᠲᠤ ᠶᠢᠨ ᠬᠠᠰᠠᠷ ᠤᠨ ᠲᠠᠬᠢᠯᠭ᠎ᠠ ᠶᠢᠨ ᠰᠤᠶᠤᠯ ᠢ ᠬᠠᠮᠠᠭᠠᠯᠠᠬᠤ᠂ ᠤᠯᠠᠮᠵᠢᠯᠡᠨ ᠲᠡᠯᠭᠡᠷᠡᠬᠦᠯᠬᠦ ᠲᠦᠪ ᠤᠨ ᠨᠢᠭᠡ ᠪᠤᠯᠤᠭᠰᠠᠨ ᠪᠦᠭᠡᠳ ᠬᠠᠰᠠᠷ ᠤᠨ ᠲᠠᠬᠢᠯᠭ᠎ᠠ ᠴᠤ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠪᠤᠰᠤ ᠰᠤᠶᠤᠯ ᠤᠨ ᠦᠪ ᠶᠢᠡᠷ ᠪᠦᠷᠢᠳᠭᠡᠬᠦᠯᠦᠭᠲᠡᠪᠡ᠃