ᠵᠤᠬᠢᠶᠠᠭᠴᠢ:
ᠴᠠᠭ:2019-08-23
ᠥᠵᠡᠭᠰᠡᠨ : ℃
ᠢᠷᠡᠯᠲᠡ:
《ᠪᠦᠬᠦ ᠣᠷᠣᠨ ᠤ ᠫᠠᠭᠪᠠ ᠦᠰᠦᠭᠲᠦ ᠲᠠᠮᠠᠭ᠎ᠠ ᠰᠡᠶᠢᠯᠦᠮᠡᠯ ᠦᠨ ᠲᠣᠭᠣᠷᠢᠨ ᠦᠵᠡᠭᠦᠯᠦᠯᠭᠡ 》 ᠪᠠᠭᠠᠷᠢᠨ ᠪᠠᠷᠠᠭᠣᠨ ᠬᠣᠰᠢᠭᠣᠨ ᠳ᠋ᠥ ᠨᠡᠭᠡᠭᠡᠭᠳᠡᠪᠡ
ᠦᠨᠢᠷ ᠰᠠᠶᠢᠬᠠᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ᠂ ᠦᠭᠡᠳᠡᠯᠡᠨ ᠲᠡᠭᠵᠢᠬᠦ ᠲᠠᠯᠨ ᠭᠠᠷᠦᠢ ᠵᠢᠯ ᠦᠨ ᠲᠡᠣᠭᠡᠨ ᠶᠠᠪᠣᠴᠨ ᠶ᠋ᠢ ᠥᠩᠭᠡᠷᠡᠭᠦᠯᠦᠭᠡᠳ ᠦᠨᠳᠦᠰᠦᠲᠡᠨ ᠨᠦᠭᠥᠳ ᠡᠶ᠎ᠡ ᠪᠦᠯᠬᠦᠮᠳᠡᠯ ᠲᠠᠢ᠂ ᠬᠢᠯᠢ ᠬᠢᠵᠠᠭᠠᠷ ᠠᠮᠤᠷ ᠲᠦᠪᠰᠢᠨ᠂ ᠠᠵᠤ ᠠᠬᠤᠢ ᠬᠦᠭᠵᠢᠭᠰᠡᠨ᠂ ᠨᠡᠶᠢᠭᠡᠮ ᠡᠶ᠎ᠡ ᠵᠣᠬᠢᠴᠠᠯ ᠲᠠᠢ ᠪᠠᠶᠢᠳᠠᠯ ᠢ ᠪᠣᠢ ᠪᠣᠯᠭᠠᠵᠣ᠂ ᠪᠦᠬᠦ ᠣᠷᠣᠨ ᠢᠶᠡᠷ ᠢᠶᠡᠨ ᠳᠤᠮᠳᠠᠳᠤ ᠶ᠋ᠢᠨ ᠤᠮᠠᠷᠠᠳᠣ ᠬᠢᠯᠢ ᠶ᠋ᠢᠨ ᠦᠵᠡᠰᠬᠦᠯᠡᠩᠲᠦ ᠰᠠᠶᠢᠬᠠᠨ ᠦᠵᠡᠮᠵᠢ ᠶ᠋ᠢᠨ ᠣᠷᠣᠨ ᠢ ᠪᠦᠬᠦ ᠬᠦᠴᠦᠨ ᠢᠶ᠋ᠡᠷ ᠴᠣᠭᠴᠠᠯᠠᠨ ᠪᠠᠶᠢᠭᠤᠯᠵᠤ ᠪᠠᠶᠢᠭ᠎ᠠ ᠠᠶᠠᠳᠠᠢ ᠴᠠᠭ ᠡᠷᠡᠨ ᠳ᠋ᠥ ᠂ ᠰᠢ ᠵᠢᠨ ᠫᠢᠩ ᠤᠨ ᠰᠢᠨ᠎ᠡ ᠴᠠᠭ ᠦᠶ᠎ᠡ ᠶ᠋ᠢᠨ ᠣᠳᠬ᠎ᠠ ᠣᠷᠠᠯᠢᠭ ᠤᠨ ᠦᠵᠡᠯ ᠰᠠᠨᠠᠭ᠎ᠠ ᠶ᠋ᠢ ᠬᠦᠨᠵᠡᠭᠡᠢ ᠰᠣᠷᠣᠯᠴᠠᠨ ᠲᠤᠤᠱᠯᠠᠭᠤᠯᠵᠤ ᠲᠠᠯ᠎ᠠ ᠨᠤᠲᠤᠭ ᠤᠨ ᠦᠨᠳᠦᠰᠦᠲᠡᠨ ᠦ ᠰᠣᠶᠣᠯ ᠤᠨ ᠲᠡᠮᠳᠡᠭ ᠢ ᠤᠬᠠᠭᠤᠯᠬᠤ ᠪᠠ ᠡᠭᠦᠳᠦᠨ᠂ ᠮᠣᠩᠭᠣᠯ ᠶᠤᠸᠠᠨ ᠤ ᠰᠣᠶᠣᠯ ᠤᠨ ᠰᠢᠯᠢᠳᠡᠭ ᠦᠨᠳᠦᠰᠦᠲᠡᠨ ᠦ ᠰᠣᠶᠣᠯ ᠤᠨ ᠥᠪ ᠢ ᠠᠭᠤᠳᠠᠯᠬᠤ ᠪᠠ ᠬᠠᠮᠠᠭᠠᠯᠠᠵᠤ᠂ ᠳᠤᠮᠳᠠᠳᠤ ᠶ᠋ᠢᠨ ᠦᠨᠳᠦᠰᠦᠲᠡᠨ ᠦ ᠰᠣᠶᠣᠯ ᠤᠨ ᠵᠠᠯᠭᠠᠮᠵᠢᠯᠠᠯ ᠪᠠ ᠬᠥᠭᠵᠢᠯᠲᠡ ᠶ᠋ᠢ ᠲᠦᠯᠬᠢᠨ ᠠᠬᠢᠭᠤᠯᠬᠤ ᠪᠡᠷ ᠵᠣᠷᠢᠯᠳᠡ ᠪᠣᠯᠭᠠᠭᠰᠠᠨ 《ᠣᠮᠠᠷᠠᠳᠣ ᠶ᠋ᠢᠨ ᠰᠠᠯᠬᠢ•ᠥᠪᠥᠷ ᠮᠣᠩᠭᠣᠯ ᠤᠨ ᠫᠠᠭᠪᠠ ᠦᠰᠦᠭᠲᠦ ᠲᠠᠮᠠᠭ᠎ᠠ ᠰᠡᠶᠢᠯᠦᠮᠡᠯ ᠦᠨ ᠪᠦᠬᠦ ᠣᠷᠣᠨ ᠳ᠋ᠡᠬᠢ ᠲᠣᠭᠣᠷᠢᠨ ᠦᠵᠡᠭᠦᠯᠦᠯᠭᠡ》 ᠦᠢᠷ᠎ᠡ ᠳ᠋ᠥ ᠣᠯᠠᠭᠠᠨᠬᠠᠳᠠ ᠬᠣᠳᠡ ᠶ᠋ᠢᠨ ᠪᠠᠭᠠᠷᠢᠨ ᠪᠠᠷᠠᠭᠣᠨ ᠬᠣᠰᠢᠭᠣᠨ ᠤ ᠮᠦᠽᠸᠢ ᠳ᠋ᠥ ᠨᠡᠭᠡᠭᠡᠭᠳᠡᠪᠡ᠃
ᠲᠣᠰ ᠤᠳᠠᠭᠠᠨ ᠤ ᠦᠵᠡᠭᠦᠯᠦᠯᠭᠡ ᠳ᠋ᠤ᠂ ᠥᠪᠡᠷᠲᠡᠭᠡᠨ ᠵᠠᠰᠠᠬᠤ ᠣᠷᠣᠨ ᠤ 31 ᠲᠠᠮᠠᠭ᠎ᠠ ᠰᠡᠶᠢᠯᠦᠮᠡᠯᠴᠢᠳ ᠢ ᠵᠣᠬᠢᠶᠠᠨ ᠪᠠᠶᠢᠭᠤᠯᠤᠨ ᠫᠠᠭᠪᠠ ᠦᠰᠦᠭ ᠦᠨ ᠲᠠᠮᠠᠭ᠎ᠠ ᠶ᠋ᠢ ᠵᠣᠬᠢᠶᠠᠨ ᠪᠦᠲᠦᠭᠡᠵᠦ᠂ ᠬᠠᠭᠤᠯᠪᠤᠷᠢᠯᠠᠨ ᠪᠢᠴᠢᠭᠰᠡᠨ ᠨᠡᠶᠢᠲᠡ 125 ᠫᠠᠭᠪᠠ ᠦᠰᠦᠭᠲᠦ ᠲᠠᠮᠠᠭ᠎ᠠ᠂ 92 ᠬᠤᠪᠢ ᠶᠤᠸᠠᠨ ᠤ ᠦᠶ᠎ᠡ ᠶ᠋ᠢᠨ ᠫᠠᠭᠪᠠ ᠦᠰᠦᠭᠲᠦ ᠲᠠᠮᠠᠭ᠎ᠠ ᠶ᠋ᠢᠨ ᠬᠠᠭᠤᠯᠪᠤᠷᠢ ᠪᠦᠲᠦᠭᠡᠯ ᠪᠠ 60 ᠬᠡᠰᠡᠭ ᠲᠦᠭᠦᠬᠡᠢ ᠲᠠᠮᠠᠭᠠᠨ ᠴᠢᠯᠠᠭᠤ ᠶ᠋ᠢ ᠳᠡᠯᠭᠡᠨ ᠦᠵᠡᠭᠦᠯᠵᠡᠢ᠃ ᠥᠪᠥᠷ ᠮᠣᠩᠭᠣᠯ ᠤᠨ ᠲᠠᠮᠠᠭ᠎ᠠ ᠰᠡᠶᠢᠯᠦᠮᠡᠯᠴᠢᠳ ᠥᠪᠡᠷ ᠦᠨ ᠦᠰᠦᠭ ᠪᠢᠴᠢᠭ᠌ ᠤᠨ ᠳᠠᠪᠠᠭᠤᠯᠢᠭ ᠢᠶᠡᠨ ᠠᠰᠢᠭᠯᠠᠵᠤ᠂ ᠤᠯᠠᠮᠵᠢᠯᠠᠯ ᠤᠨ ᠰᠠᠭᠤᠷᠢᠨ ᠳᠡᠭᠡᠷ᠎ᠡ ᠥᠪᠡᠷ ᠦᠨ ᠦᠨᠳᠦᠰᠦᠲᠡᠨ ᠦ ᠪᠡᠨ ᠥᠪᠡᠷᠮᠢᠴᠡ ᠣᠨᠴᠠᠯᠢᠭ ᠪᠦᠬᠦᠢ ᠫᠠᠭᠪᠠ ᠦᠰᠦᠭᠲᠦ ᠲᠠᠮᠠᠭ᠎ᠠ ᠰᠡᠶᠢᠯᠦᠮᠡᠯ ᠢᠶ᠋ᠡᠨ ᠰᠢᠨ᠎ᠡ ᠴᠠᠭ ᠦᠶ᠎ᠡ ᠳ᠋ᠦ ᠰᠢᠨ᠎ᠡ ᠪᠠᠷ ᠬᠦᠭᠵᠢᠭᠦᠯᠦᠭᠰᠡᠨ ᠪᠠᠶᠢᠨ᠎ᠠ᠃
ᠲᠣᠰ ᠣᠳᠠᠭᠠᠨ ᠤ ᠦᠵᠡᠬᠦᠯᠦᠯᠭᠡ ᠳ᠋ᠥ᠂ ᠪᠠᠭᠠᠷᠢᠨ ᠪᠠᠷᠠᠭᠣᠨ ᠬᠣᠰᠢᠭᠣᠨ ᠤ ᠮᠣᠩᠭᠣᠯ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠣ ᠣᠷᠣᠨ ᠤ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠭᠡᠷᠡᠭ ᠡᠷᠬᠢᠯᠡᠭᠴᠢ᠂ ᠲᠠᠮᠠᠭ᠎ᠠ ᠰᠡᠶᠢᠯᠦᠮᠡᠯ ᠤᠨ ᠵᠦᠪᠯᠡᠯ ᠤᠨ ᠡᠷᠬᠢᠯᠡᠭᠴᠢ ᠲᠦᠷᠪᠡᠨᠳᠠᠯᠠᠢ᠂ ᠪᠠᠭᠠᠷᠢᠨ ᠪᠠᠷᠠᠭᠣᠨ ᠬᠣᠰᠢᠭᠣᠨ ᠤ ᠮᠣᠩᠭᠣᠯ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠣ ᠣᠷᠣᠨ ᠤ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠭᠣᠷ ᠰᠡᠶᠢᠯᠦᠮᠡᠯ ( ᠲᠠᠮᠠᠭ᠎ᠠ ) ᠤᠨ ᠵᠦᠪᠯᠡᠯ ᠤᠨ ᠭᠡᠰᠢᠬᠦᠨ ᠲᠡᠮᠣᠷᠪᠠᠭᠠᠨᠠ᠂ ᠪᠠᠭᠠᠷᠢᠨ ᠪᠠᠷᠠᠭᠣᠨ ᠬᠣᠰᠢᠭᠣᠨ ᠤ ᠮᠣᠩᠭᠣᠯ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠭᠡᠰᠢᠬᠦᠨ᠂ ᠣᠯᠠᠭᠠᠨᠬᠠᠳᠠ ᠬᠣᠳᠡ ᠶ᠋ᠢᠨ ᠡᠮᠡᠭᠳᠡᠢ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠭᠡᠰᠢᠬᠦᠨ᠂ ᠦᠪᠦᠷ ᠮᠣᠩᠭᠣᠯ ᠤᠨ ᠦᠪᠡᠷᠳᠡᠭᠡᠨ ᠵᠠᠰᠠᠬᠣ ᠣᠷᠣᠨ ᠤ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠰᠠᠴᠣᠷᠨ ᠨᠠᠷ ᠤᠨ ᠲᠠᠮᠠᠭ᠎ᠠ ᠰᠡᠶᠢᠯᠦᠮᠡᠯ ᠤᠨ ᠣᠷᠡᠨ ᠪᠦᠳᠦᠭᠡᠯ ᠨᠢᠵᠢᠭᠡᠳ ᠬᠣᠪᠢ ᠰᠣᠩᠭᠣᠭᠳᠠᠨ ᠣᠷᠣᠭᠰᠠᠨ ᠪᠠᠶᠢᠨ᠎ᠠ᠃
ᠲᠣᠰ ᠣᠳᠠᠭᠠᠨ ᠤ ᠪᠠᠭᠠᠷᠢᠨ ᠪᠠᠷᠠᠭᠤᠨ ᠬᠣᠰᠢᠭᠤᠨ ᠳ᠋ᠡᠬᠢ ᠦᠵᠡᠬᠦᠯᠦᠯᠭᠡ ᠨᠢ ᠡᠨᠡᠬᠦ ᠠᠵᠢᠯᠯᠠᠭ᠎ᠠ ᠶ᠋ᠢᠨ ᠢᠶᠡᠨ ᠭᠤᠷᠪᠠᠳᠤᠭᠠᠷ ᠦᠷᠲᠡᠭᠡ ᠪᠣᠯᠵᠣ ᠪᠠᠶᠢᠭ᠎ᠠ ᠶᠣᠮ ᠃ ᠲᠣᠮᠳᠠᠳᠣ ᠣᠯᠣᠰ ᠤᠨ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠭᠡᠷᠡᠭ ᠡᠷᠬᠢᠯᠡᠭᠴᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠣ ᠣᠷᠣᠨ ᠤ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠪᠠᠶᠢᠩᠭᠣ ᠶ᠋ᠢᠨ ᠲᠡᠳ᠋ ᠲᠡᠷᠢᠬᠦᠯᠡᠭᠴᠢ᠂ ᠨᠠᠷᠢᠨ ᠪᠢᠴᠢᠭ᠌ ᠤᠨ ᠲᠠᠷᠣᠭ᠎ᠠ ᠯᠢ ᠯᠢ ᠦᠵᠡᠬᠦᠯᠦᠯᠭᠡ ᠡᠬᠢᠯᠡᠬᠦ ᠦᠭᠡ ᠬᠡᠯᠡᠵᠦ ᠂ ᠣᠯᠠᠭᠠᠨᠬᠠᠳᠠ ᠬᠣᠳᠡ ᠶ᠋ᠢᠨ ᠣᠳᠬ᠎ᠠ ᠣᠷᠠᠯᠢᠭ ᠤᠨ ᠬᠢᠨ ᠤ ᠬᠣᠯᠪᠣᠭ᠎ᠠ ᠶ᠋ᠢᠨ ᠲᠡᠳ᠋ ᠲᠡᠷᠢᠬᠦᠯᠡᠭᠴᠢ ᠯᠧᠢ ᠶᠠ ᠹᠧᠩ᠂ ᠲᠣᠮᠳᠠᠳᠣ ᠣᠯᠣᠰ ᠤᠨ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠭᠡᠰᠢᠬᠦᠨ᠂ ᠨᠡᠷᠡᠳᠣ ᠣᠷᠠᠨ ᠪᠢᠴᠢᠯᠭᠡᠳᠡᠨ ᠵᠢᠶᠠ ᠶᠦᠩ ᠰᠢ᠂ ᠦᠪᠦᠷ ᠮᠣᠩᠭᠣᠯ ᠤᠨ ᠦᠪᠡᠷᠳᠡᠭᠡᠨ ᠵᠠᠰᠠᠬᠣ ᠣᠷᠣᠨ ᠤ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠭᠡᠰᠢᠬᠦᠨ᠂ ᠵᠠᠯᠠᠭᠣ ᠣᠷᠡᠨ ᠪᠢᠴᠢᠯᠭᠡᠳᠡᠨ ᠵᠣᠣ ᠯᠢᠨ᠂ ᠣᠯᠠᠭᠠᠨᠬᠠᠳᠠ ᠬᠣᠳᠡ ᠶ᠋ᠢᠨ ᠮᠣᠩᠭᠣᠯ ᠣᠷᠡᠨ ᠪᠢᠴᠢᠯᠭᠡᠴᠢᠳ ᠤᠨ ᠨᠡᠶᠢᠭᠡᠮᠯᠢᠭ ᠤᠨ ᠲᠡᠳ᠋ ᠲᠡᠷᠢᠬᠦᠯᠡᠭᠴᠢ ᠡᠷᠳᠡᠮᠳᠣ ᠨᠠᠷ ᠵᠢᠴᠢ ᠦᠪᠦᠷ ᠮᠣᠩᠭᠣᠯ ᠤᠨ ᠦᠪᠡᠷᠳᠡᠭᠡᠨ ᠵᠠᠰᠠᠬᠣ ᠣᠷᠣᠨ ᠤ ᠣᠷᠡᠨ ᠪᠢᠴᠢᠯᠭᠡᠴᠢᠳ ᠤᠨ ᠨᠡᠶᠢᠭᠡᠮᠯᠢᠭ ᠪᠣᠯᠣᠨ ᠣᠮᠠᠷᠠᠳᠣ ᠬᠢᠯᠢ ᠲᠠᠮᠠᠭ᠎ᠠ ᠰᠡᠶᠢᠯᠣᠮᠡᠯ ᠤᠨ ᠬᠣᠷᠢᠶ᠎ᠠ ᠶ᠋ᠢᠨ ᠣᠷᠡᠨ ᠪᠦᠳᠦᠭᠡᠯᠴᠢᠳ᠂ ᠫᠠᠭᠪᠠ ᠦᠰᠦᠭᠲᠦ ᠲᠠᠮᠠᠭ᠎ᠠ ᠰᠡᠶᠢᠯᠦᠮᠡᠯ ᠦᠨ ᠪᠦᠬᠦ ᠣᠷᠣᠨ ᠤ ᠲᠣᠭᠣᠷᠢᠨ ᠦᠵᠡᠬᠦᠯᠦᠯᠭᠡ ᠳ᠋ᠥ ᠪᠦᠳᠦᠭᠡᠯ ᠲᠠᠢ ᠲᠠᠮᠠᠭ᠎ᠠ ᠰᠡᠶᠢᠯᠦᠮᠡᠯᠴᠢᠨ ᠨᠠᠷ ᠣᠷᠣᠯᠴᠠᠵᠠᠢ᠃
ᠡᠬᠢᠯᠡᠯᠳᠡ ᠶ᠋ᠢᠨ ᠶᠣᠰᠣᠯᠠᠯ ᠳ᠋ᠥ᠂ ᠪᠠᠭᠠᠷᠢᠨ ᠪᠠᠷᠠᠭᠤᠨ ᠬᠣᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠣᠷᠡᠯ ᠤᠨ ᠪᠠᠶᠢᠩᠭᠣ ᠶ᠋ᠢᠨ ᠬᠣᠷᠢᠶ᠎ᠠ ᠶ᠋ᠢᠨ ᠲᠡᠳ᠋ ᠡᠷᠬᠢᠯᠡᠭᠴᠢ ᠮᠦᠩᠬᠡ ᠦ᠋ᠯᠵᠡᠢ᠂ ᠠᠯᠳᠠᠨᠳᠣᠶᠠᠭ᠎ᠠ ᠨᠠᠷ ᠰᠠᠭᠠᠳᠠᠨ ᠪᠠᠭᠠᠷᠢᠨ ᠪᠠᠷᠠᠭᠤᠨ ᠬᠣᠰᠢᠭᠤᠨ ᠤ ᠠᠷᠠᠳ ᠤᠨ ᠵᠠᠰᠠᠭ ᠤᠨ ᠣᠷᠳᠣᠨ ᠤ ᠲᠡᠳ᠋ ᠲᠠᠷᠣᠭ᠎ᠠ ᠰᠡᠴᠡᠨᠳᠣ ᠣᠭᠳᠣᠯᠭ᠎ᠠ ᠶ᠋ᠢᠨ ᠶᠠᠷᠢᠶ᠎ᠠ ᠲᠠᠯᠪᠢᠵᠣ᠂ ᠪᠠᠭᠠᠷᠢᠨ ᠪᠠᠷᠠᠭᠤᠨ ᠬᠣᠰᠢᠭᠤᠨ ᠤ ᠣᠯᠣᠰ ᠲᠦᠷᠦ ᠶ᠋ᠢᠨ ᠵᠦᠪᠯᠡᠯᠭᠡᠨ ᠤ ᠲᠡᠳ᠋ ᠲᠡᠷᠢᠬᠦᠯᠡᠭᠴᠢ ᠰᠠᠷᠠᠭᠣᠯ ᠶᠣᠰᠣᠯᠠᠯ ᠢ ᠡᠷᠬᠢᠯᠡᠵᠠᠢ᠃ ᠪᠠᠭᠠᠷᠢᠨ ᠪᠠᠷᠠᠭᠤᠨ ᠬᠣᠰᠢᠭᠤᠨ ᠤ ᠨᠠᠮ ᠤᠨ ᠬᠣᠷᠢᠶ᠎ᠠ ᠶ᠋ᠢᠨ ᠣᠬᠠᠭᠣᠯᠬᠣ ᠭᠡᠯᠳᠡᠰ᠂ ᠪᠠᠭᠠᠷᠢᠨ ᠪᠠᠷᠠᠭᠤᠨ ᠬᠣᠰᠢᠭᠤᠨ ᠤ ᠣᠳᠬ᠎ᠠ ᠣᠷᠠᠯᠢᠭ ᠤᠨ ᠬᠢᠨ ᠤ ᠬᠣᠯᠪᠣᠭ᠎ᠠ᠂ ᠪᠠᠭᠠᠷᠢᠨ ᠪᠠᠷᠠᠭᠤᠨ ᠬᠣᠰᠢᠭᠤᠨ ᠤ ᠰᠣᠶᠣᠯ ᠵᠢᠭᠣᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶ᠋ᠢᠨ ᠬᠠᠷᠢᠭᠣᠴᠠᠯᠭᠠᠳᠠᠳ ᠪᠣᠯᠣᠨ ᠪᠠᠭᠠᠷᠢᠨ ᠪᠠᠷᠠᠭᠤᠨ ᠬᠣᠰᠢᠭᠤᠨ ᠤ ᠣᠷᠡᠨ ᠪᠢᠴᠢᠯᠭᠡ ᠲᠠᠮᠠᠭ᠎ᠠ ᠰᠡᠶᠢᠯᠦᠮᠡᠯ ᠤᠨ ᠲᠣᠷ᠎ᠡ ᠪᠠᠬᠠᠳᠠᠳ᠂ ᠭᠡᠰᠡᠭ ᠲᠣᠮᠳᠠᠳᠣ ᠪᠠᠭ᠎ᠠ ᠰᠣᠷᠭᠠᠭᠣᠯᠢ ᠶ᠋ᠢᠨ ᠪᠠᠭᠰᠢ ᠰᠣᠷᠣᠭᠴᠢᠳ ᠡᠬᠢᠯᠡᠯᠳᠡ ᠶ᠋ᠢᠨ ᠶᠣᠰᠣᠯᠠᠯ ᠳ᠋ᠥ ᠣᠷᠣᠯᠴᠠᠵᠣ ᠦᠵᠡᠬᠦᠯᠦᠯᠭᠡ ᠶ᠋ᠢ ᠰᠣᠨᠢᠷᠬᠠᠵᠠᠢ᠃