ᠵᠤᠬᠢᠶᠠᠭᠴᠢ:
ᠴᠠᠭ:2019-08-02
ᠥᠵᠡᠭᠰᠡᠨ : ℃
ᠢᠷᠡᠯᠲᠡ:
ᠲᠤᠮᠳᠠᠳᠤ ᠤᠯᠤᠰ ᠤᠨ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠵᠤ ᠬᠡᠷᠡᠭᠯᠡᠬᠦ ᠠᠵᠢᠯ ᠢᠯᠡᠷᠬᠡᠢ ᠠᠮᠵᠢᠯᠳᠠ ᠤᠯᠪᠠ
2019 7 ᠰᠠᠷ᠎ᠠ ᠶᠢᠨ 27-28 ᠤ ᠡᠳᠤᠷ ᠲᠤᠮᠳᠠᠳᠤ ᠤᠯᠤᠰ ᠤᠨ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠵᠤ ᠬᠡᠷᠡᠭᠯᠡᠭᠰᠡᠨ 40 ᠵᠢᠯ ᠤᠨ ᠤᠢ ᠶᠢ ᠲᠤᠷᠠᠰᠬᠠᠬᠤ ᠪᠦᠬᠦ ᠤᠯᠤᠰ ᠤᠨ ᠡᠷᠳᠡᠮ ᠰᠢᠨᠵᠢᠯᠡᠬᠡᠨ ᠤ ᠬᠤᠷᠠᠯ ᠦᠪᠦᠷ ᠮᠤᠩᠭ᠋ᠤᠯ ᠤᠨ ᠰᠢᠯᠢ ᠶᠢᠨ ᠭᠤᠤᠯ ᠠᠶᠢᠮᠠᠭ ᠤᠨ ᠰᠢᠯᠦᠭᠤᠨ ᠬᠦᠬᠡ ᠬᠤᠰᠢᠭᠤᠨ ᠳᠤ ᠃
ᠬᠤᠷᠠᠯ ᠢ ᠦᠪᠦᠷ ᠮᠤᠩᠭ᠋ᠤᠯ ᠤᠨ ᠶᠡᠬᠡ ᠰᠤᠷᠭᠠᠭᠤᠯᠢ᠂ ᠲᠤᠮᠳᠠᠳᠤ ᠤᠯᠤᠰ ᠤᠨ ᠮᠤᠩᠭ᠋ᠤᠯ ᠬᠡᠯᠡ ᠪᠢᠴᠢᠭ᠌᠌ ᠤᠨ ᠰᠢᠨᠵᠢᠯᠡᠬᠡᠨ ᠤ ᠨᠡᠶᠢᠬᠡᠮᠯᠢᠭ᠌᠌᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠰᠢᠯᠢ ᠶᠢᠨ ᠭᠤᠤᠯ ᠠᠶᠢᠮᠠᠭ ᠤᠨ ᠰᠢᠯᠤᠭᠤᠨ ᠬᠦᠬᠡ ᠬᠤᠰᠢᠭᠤᠨ ᠤ ᠠᠷᠠᠳ ᠤᠨ ᠵᠠᠰᠠᠭ ᠤᠨ ᠤᠷᠳᠤᠨ ᠡᠴᠡ ᠬᠠᠮᠳᠤᠷᠠᠨ ᠡᠷᠬᠢᠯᠡᠵᠤ᠂ ᠲᠤᠮᠳᠠᠳᠤ ᠤᠯᠤᠰ ᠤᠨ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠵᠤ ᠬᠡᠷᠡᠭᠯᠡᠭᠰᠡᠨ ᠲᠦᠴᠢᠨ ᠵᠢᠯ ᠤᠨ ᠲᠤᠷᠰᠢᠬᠢ ᠪᠠᠶᠢᠳᠠᠯ ᠢ ᠡᠷᠬᠢᠴᠡᠬᠦᠯᠵᠤ᠂ ᠤᠯᠤᠭᠰᠠᠨ ᠠᠮᠵᠢᠯᠳᠠ ᠪᠦᠲᠦᠮᠵᠢ ᠪᠠᠨ ᠳ᠋ᠦᠩᠨᠡᠵᠤ᠂ ᠤᠷᠤᠰᠢᠵᠤ ᠪᠠᠶᠢᠭ᠎ᠠ ᠠᠰᠠᠭᠤᠳᠠᠯ ᠢ ᠵᠠᠳᠠᠯᠬᠤ ᠶᠢᠨ ᠬᠠᠮᠳᠤ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠬᠡᠮᠡᠯᠵᠢᠬᠦᠯᠬᠦ ᠂ ᠮᠤᠩᠭ᠋ᠤᠯ ᠦᠬᠡ ᠬᠡᠯᠡ ᠦᠰᠦᠭ ᠪᠢᠴᠢᠭ᠌᠌ ᠤᠨ ᠂ ᠪᠠᠷᠢᠮᠵᠢᠶᠠᠵᠢᠯ᠂ ᠵᠠᠩᠬᠢᠵᠢᠯᠳᠠ ᠶᠢ ᠠᠬᠢᠭᠤᠯᠵᠤ᠂ ᠮᠤᠩᠭ᠋ᠤᠯ ᠬᠡᠯᠡᠨ ᠤ ᠪᠠᠷᠢᠮᠵᠢᠶ᠎ᠠ ᠠᠪᠢᠶᠠᠨ ᠤ ᠨᠡᠶᠢᠬᠡᠮ ᠤᠨ ᠬᠡᠷᠡᠭᠯᠡᠬᠡᠨ ᠤ ᠲᠡᠭᠡᠭ᠍ᠰᠢᠯᠡᠬᠦᠯᠬᠦ ᠶᠢ ᠵᠤᠷᠢᠭᠰᠠᠨ ᠪᠠᠶᠢᠨ᠎ᠠ᠃ ᠲᠦᠪ ᠤᠨ ᠦᠨᠳᠤᠰᠦᠳᠡᠨ ᠤ ᠶᠡᠬᠡ ᠰᠤᠷᠭᠠᠭᠤᠯᠢ᠂ ᠦᠪᠦᠷ ᠮᠤᠩᠭ᠋ᠤᠯ ᠤᠨ ᠶᠡᠬᠡ ᠰᠤᠷᠭᠠᠭᠤᠯᠢ ᠵᠡᠷᠬᠡ ᠤᠯᠠᠨ ᠶᠡᠬᠡ ᠲᠡᠭᠡᠳᠤ ᠰᠤᠷᠭᠠᠭᠤᠯᠢ ᠵᠢᠴᠢ ᠨᠡᠶᠢᠬᠡᠮ ᠤᠨ ᠡᠯ᠎ᠡ ᠤ ᠵᠠᠭᠤ ᠰᠢᠬᠠᠮ ᠡᠷᠳᠡᠮᠳᠡᠨ ᠮᠡᠷᠬᠡᠵᠢᠯᠳᠡᠨ ᠬᠤᠷᠠᠯ ᠳᠤ ᠤᠷᠤᠯᠴᠠᠵᠠᠢ᠃
ᠲᠤᠮᠳᠠᠳᠤ ᠤᠯᠤᠰ ᠤᠨ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ 1979 ᠤᠨ ᠳᠤ ᠰᠢᠨᠵᠢᠶᠠᠩ ᠤᠨ ᠦᠷᠦᠮᠴᠢ ᠳᠤ ᠪᠤᠯᠤᠭᠰᠠᠨ ᠮᠤᠵᠢ ᠤᠷᠤᠨ ᠤ ᠮᠤᠩᠭ᠋ᠤᠯ ᠬᠡᠯᠡ ᠪᠢᠴᠢᠭ᠌᠌ ᠤᠨ ᠲᠤᠰᠬᠠᠢ ᠠᠵᠢᠯ ᠤᠨ ᠭᠤᠷᠪᠠᠳᠤᠭᠠᠷ ᠤᠳᠠᠭᠠᠨ ᠤ ᠬᠤᠷᠠᠯ ᠲᠡᠭᠡᠷ᠎ᠡ ᠲᠤᠭᠳᠠᠭᠠᠵᠤ᠂ ᠰᠢᠯᠦᠭᠤᠨ ᠬᠦᠬᠡ ᠬᠤᠰᠢᠭᠤ ᠪᠡᠷ ᠲᠦᠯᠦᠭᠡᠯᠡᠬᠦᠯᠦᠭᠰᠡᠨ ᠴᠠᠬᠠᠷ ᠠᠮᠠᠨ ᠠᠶᠠᠯᠭᠤ ᠪᠡᠷ ᠪᠠᠷᠢᠮᠵᠢᠶ᠎ᠠ ᠠᠪᠢᠶ᠎ᠠ ᠪᠤᠯᠭᠠᠵᠠᠢ᠃
ᠲᠦᠴᠢᠨ ᠵᠢᠯ ᠢ ᠡᠷᠬᠢᠴᠡᠬᠦᠯᠪᠡᠯ᠂ ᠤᠯᠤᠰ ᠤᠨ ᠲᠤᠳᠤᠭᠠᠳᠤ ᠶᠢᠨ ᠮᠤᠵᠢ ᠤᠷᠤᠨ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠳᠤ ᠲᠤᠮᠳᠠᠳᠤ ᠤᠯᠤᠰ ᠤᠨ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠵᠤ ᠬᠡᠷᠡᠭᠯᠡᠭᠰᠡᠨ ᠶᠠᠪᠤᠴᠠ ᠳᠤ ᠢᠯᠡᠷᠬᠡᠢ ᠦᠷ᠎ᠡ ᠪᠦᠲᠦᠮᠵᠢ ᠤᠯᠤᠭᠰᠠᠨ ᠪᠠᠶᠢᠨ᠎ᠠ᠃1980 ᠤᠨ ᠳᠤ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠬᠦ ᠠᠩᠬᠠᠨ ᠤ ᠤᠨ ᠠᠩᠬᠢ ᠶᠢ ᠡᠷᠬᠢᠯᠡᠭᠰᠡᠨ ᠡᠴᠡ ᠨᠠᠰᠢ᠂ ᠦᠪᠦᠷ ᠮᠤᠩᠭ᠋ᠤᠯ ᠤᠨ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠵᠢᠴᠢ ᠪᠠᠶᠢᠭᠤᠯᠭ᠎ᠠ ᠨᠢᠬᠡᠴᠡ ᠡᠴᠡ ᠪᠢᠴᠢᠭ᠌᠌ ᠮᠠᠲ᠋ᠧᠷᠢᠶᠠᠯ ᠪᠠᠭᠤᠯᠭᠠᠬᠤ ᠪᠤᠶᠤ ᠪᠤᠰᠤᠳ ᠬᠦᠴᠦᠲᠡᠢ ᠠᠷᠭ᠎ᠠ ᠬᠡᠮᠵᠢᠶ᠎ᠡ ᠠᠪᠴᠤ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠬᠡᠮᠡᠯᠵᠢᠬᠦᠯᠬᠦ ᠶᠢ ᠠᠬᠢᠭᠤᠯᠬᠤ ᠬᠢᠨᠠᠯᠳᠠ ᠲᠠᠯᠪᠢᠬᠤ ᠠᠵᠢᠯ ᠢᠶᠡᠨ ᠢᠷᠡᠵᠡᠢ᠃
1980 ᠤᠨ ᠳᠤ ᠦᠪᠦᠷ ᠮᠤᠩᠭ᠋ᠤᠯ ᠤᠨ ᠬᠡᠯᠡ ᠪᠢᠴᠢᠭ᠌᠌ ᠤᠨ ᠠᠵᠢᠯ ᠤᠨ ᠵᠦᠪᠯᠡᠯ ᠡᠴᠡ ᠮᠤᠵᠢ ᠤᠷᠤᠨ ᠤ ᠬᠡᠪᠴᠢᠶᠡᠨ ᠳᠤ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠬᠦ ᠠᠩᠬᠠᠳᠤᠭᠠᠷ ᠬᠤᠭᠤᠴᠠᠭᠠᠨ ᠤ ᠤᠨ ᠠᠩᠬᠢ ᠶᠢ ᠡᠷᠬᠢᠯᠡᠵᠤ᠂ ᠦᠪᠦᠷ ᠮᠤᠩᠭ᠋ᠤᠯ ᠤᠨ ᠡᠯ᠎ᠡ ᠠᠶᠢᠮᠠᠭ ᠬᠤᠳᠠ ᠪᠤᠯᠤᠨ ᠬᠦᠬᠡᠨᠠᠭᠤᠷ᠂ ᠰᠢᠨᠵᠢᠶᠠᠩ᠂ ᠯᠢᠶᠤᠤᠨᠢᠩ᠂ ᠪᠡᠭᠡᠵᠢᠩ ᠵᠡᠷᠬᠡ ᠤᠷᠤᠨ ᠤ ᠨᠡᠪᠳᠡᠷᠡᠬᠦᠯᠦᠭᠴᠢ᠂ ᠺᠢᠨᠣ᠋ ᠠᠪᠢᠶᠠᠯᠠᠭᠴᠢ᠂ ᠪᠠᠭᠰᠢ ᠨᠠᠷ ᠢ ᠪᠠᠭᠳᠠᠭᠠᠭᠰᠠᠨ ᠵᠠᠭᠤ ᠭᠠᠷᠤᠢ ᠬᠦᠮᠦᠨ ᠤᠷᠤᠯᠴᠠᠵᠠᠢ᠃
ᠲᠤᠮᠳᠠᠳᠤ ᠤᠯᠤᠰ ᠤᠨ ᠮᠤᠩᠭ᠋ᠤᠯ ᠬᠡᠯᠡᠨ ᠤ ᠪᠠᠷᠢᠮᠵᠢᠶ᠎ᠠ ᠠᠪᠢᠶ᠎ᠠ ᠶᠢ ᠲᠦᠭᠡᠮᠡᠯᠵᠢᠬᠦᠯᠬᠦ ᠨᠢ ᠲᠤᠮᠳᠠᠳᠤ ᠤᠯᠤᠰ ᠤᠨ ᠮᠤᠩᠭ᠋ᠤᠯ ᠬᠡᠯᠡ ᠪᠤᠯᠤᠨ ᠮᠤᠩᠭ᠋ᠤᠯ ᠦᠨᠳᠤᠰᠦᠳᠡᠨ ᠤ ᠰᠤᠶᠤᠯ ᠤᠨ ᠬᠦᠭ᠍ᠵᠢᠯᠳᠡ ᠶᠢ ᠠᠬᠢᠭᠤᠯᠬᠤ ᠳᠤ ᠴᠢᠬᠤᠯᠠ ᠦᠢᠯᠡᠳᠤᠯ ᠦᠵᠡᠬᠦᠯᠬᠦ ᠪᠤᠯᠤᠨ᠎ᠠ᠃