ᠵᠤᠬᠢᠶᠠᠭᠴᠢ:
ᠴᠠᠭ:2019-07-28
ᠥᠵᠡᠭᠰᠡᠨ : ℃
ᠢᠷᠡᠯᠲᠡ:
ᠥᠪᠥᠷ ᠮᠣᠩᠭᠣᠯ ᠤᠨ ᠡᠷᠲᠡ ᠦᠶ᠎ᠡ ᠶᠢᠨ ᠰᠣᠶᠣᠯ ᠤᠨ ᠤᠬᠠᠭᠠᠨ ᠤ ᠰᠤᠳᠤᠯᠤᠯ
ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠤᠬᠠᠭᠠᠨ ᠤ ᠰᠠᠭᠤᠷᠢ ᠣᠨᠣᠯ ᠦᠨ ᠰᠤᠳᠤᠯᠤᠯ ᠪᠠ ᠰᠣᠶᠣᠯ ᠤᠨ ᠤᠬᠠᠭᠠᠨ ᠤ ᠠᠷᠭ᠎ᠠ ᠢᠢᠨ ᠪᠠᠷᠢᠯ ᠦᠨ ᠰᠤᠳᠤᠯᠤᠯ ᠢ 20 ᠳ᠋ᠤᠭᠠᠷ ᠵᠠᠭᠤᠨ ᠤ ᠲᠠᠪᠢᠭᠠᠳ ᠣᠨ ᠤ ᠡᠬᠢ ᠬᠦᠷᠲᠡᠯ᠎ᠠ ᠮᠥᠷᠳᠡᠵᠦ ᠪᠣᠯᠤᠨ᠎ᠠ ᠃ ᠡᠨᠡ ᠬᠦ ᠴᠠᠭ ᠦᠶ᠎ᠡ ᠪᠣᠯ ᠰᠣᠶᠣᠯ ᠤᠨ ᠤᠬᠠᠭᠠᠨ ᠤ ᠤᠨᠤᠯ ᠪᠠ ᠠᠷᠭ᠎ᠠ ᠢᠢᠨ ᠤᠨᠣᠯ ᠦᠨ ᠰᠤᠳᠤᠯᠤᠯ ᠤᠨ ᠡᠬᠢᠯᠡᠯᠲᠡ ᠶᠢᠨ ᠱᠠᠲᠤ ᠦᠶ᠎ᠡ ᠪᠣᠯᠤᠨ᠎ᠠ ᠃ 20 ᠳ᠋ᠤᠭᠠᠷ ᠵᠠᠭᠤᠨ ᠤ ᠵᠢᠷᠠ ᠂ ᠳᠠᠯᠠᠭᠠᠳ ᠣᠨ ᠤᠨᠴᠠᠭᠠᠶᠢᠯᠠᠨ ᠂ ᠥᠭᠡᠷᠡᠴᠢᠯᠡᠯᠲᠡ ᠨᠡᠭᠡᠭᠡᠯᠲᠡ ᠬᠢᠭᠰᠡᠨ ᠡᠴᠡ ᠨᠠᠰᠢ ᠂ ᠥᠪᠥᠷ ᠮᠣᠩᠭᠣᠯ ᠤᠨ ᠰᠣᠶᠣᠯ ᠤᠨ ᠪᠠᠶᠢᠭᠤᠯᠤᠯᠲᠠ ᠲᠦᠷᠭᠡᠨ ᠬᠥᠭᠵᠢᠯᠲᠡ ᠶᠢᠨ ᠴᠠᠭ ᠦᠶ᠎ᠠ ᠳᠤ ᠤᠷᠤᠭᠰᠠᠨ ᠪᠠᠶᠢᠨ᠎ᠠ ᠃ ᠢᠯᠠᠩᠭᠤᠶ᠎ᠠ 20 ᠳ᠋ᠤᠭᠠᠷ ᠵᠠᠭᠤᠨ ᠤ ᠨᠠᠶᠠᠭᠠᠳ ᠣᠨ ᠠᠴᠠ ᠡᠬᠢᠯᠡᠨ ᠂ ᠰᠣᠶᠣᠯ ᠤᠨ ᠤᠬᠠᠭᠠᠨ ᠤ ᠰᠠᠭᠤᠷᠢ ᠤᠨᠤᠯ ᠪᠠ ᠠᠷᠭ᠎ᠠ ᠪᠠᠷᠢᠯ ᠦᠨ ᠰᠤᠳᠤᠯᠤᠯ ᠨᠢ ᠥᠷᠭᠡᠨ ᠣᠯᠠᠨ ᠲᠤᠰᠬᠠᠶ ᠮᠡᠷᠭᠡᠵᠢᠯᠲᠡᠨ ᠡᠷᠳᠡᠮᠲᠡᠳ ᠦᠨ ᠠᠩᠬᠠᠷᠤᠯ ᠢ ᠳᠡᠭᠡᠳ᠋ᠦ ᠬᠡᠮᠵᠢᠶ᠎ᠡ ᠪᠡᠷ ᠲᠠᠲᠠᠭᠰᠠᠨ ᠪᠠᠶᠢᠨ᠎ᠠ ᠃
2002 ᠣᠨ ᠠᠴᠠ ᠬᠣᠶᠢᠰᠢ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠦᠨ ᠣᠷᠳᠣᠨ ᠰᠣᠶᠣᠯ ᠤᠨ ᠬᠥᠭᠵᠢᠯᠲᠡ ᠶᠢ ᠲᠦᠷᠭᠡᠳᠬᠡᠬᠦ ᠂ ᠦᠨᠳᠦᠰᠦᠲᠡᠨ ᠦ ᠰᠣᠶᠣᠯ ᠤᠨ ᠲᠣᠮᠣ ᠣᠷᠣᠨ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢ ᠲᠣᠳᠣᠷᠬᠠᠶ ᠳᠤᠷᠠᠳᠴᠤ ᠂ ᠤᠷᠢᠳ ᠬᠣᠵᠢᠳ ᠰᠣᠶᠣᠯ ᠤᠨ ᠪᠠ ᠰᠣᠶᠣᠯ ᠤᠨ ᠠᠵᠤ ᠦᠢᠯᠡᠰ ᠦᠨ ᠬᠥᠭᠵᠢᠯᠲᠡ ᠶᠢ ᠳᠡᠮᠵᠢᠬᠦ ᠪᠠ ᠲᠦᠷᠭᠡᠳᠬᠡᠬᠦ ᠠᠯᠢ ᠣᠯᠠᠨ ᠲᠣᠭᠲᠠᠭᠠᠯ ᠪᠠ ᠲᠥᠷᠦ ᠶᠢᠨ ᠪᠣᠳᠣᠯᠭ᠎ᠠ ᠶᠢ ᠨᠡᠶᠢᠲᠡᠯᠡᠵᠦ ᠂ ᠦᠨᠳᠦᠰᠦᠲᠡᠨ ᠦ ᠰᠣᠶᠣᠯ ᠤᠨ ᠲᠣᠮᠣ ᠣᠷᠣᠨ ᠢ ᠪᠦᠲᠦᠭᠡᠨ ᠪᠠᠶᠢᠭᠤᠯᠬᠤ ᠬᠥᠲᠥᠯᠪᠦᠷᠢ ᠶᠢ ᠲᠣᠭᠲᠠᠭᠠᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠠᠴᠠ ᠨᠠᠰᠢᠬᠢ ᠬᠡᠪᠴᠢᠶ᠎ᠡ ᠪᠡᠷ ᠬᠠᠮᠤᠭ ᠤᠨ ᠶᠡᠬᠡ ᠪᠦᠬᠦ ᠣᠷᠣᠨ ᠤ ᠰᠣᠶᠣᠯ ᠤᠨ ᠠᠵᠢᠯ ᠤᠨ ᠬᠤᠷᠠᠯᠳᠤᠭᠠᠨ ᠢ ᠬᠤᠷᠠᠯᠳᠤᠭᠤᠯᠵᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠬᠥᠭᠵᠢᠯᠲᠡ ᠶᠢ ᠲᠦᠷᠭᠡᠳᠬᠡᠬᠦ ᠵᠢᠴᠢ ᠦᠨᠳᠦᠰᠦᠲᠡᠨ ᠦ ᠰᠣᠶᠣᠯ ᠤᠨ ᠲᠣᠮᠣ ᠣᠷᠣᠨ ᠢ ᠪᠦᠲᠦᠭᠡᠨ ᠪᠠᠶᠢᠭᠤᠯᠬᠤ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠶ ᠃ ᠡᠨᠡᠬᠦ ᠬᠣᠭᠣᠴᠠᠭᠠᠨ ᠳ᠋ᠤ ᠂ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠂ ᠵᠠᠰᠠᠭ ᠦᠨ ᠣᠷᠳᠣᠨ ᠤ ᠦᠨᠳᠦᠰᠦᠲᠡᠨ ᠦ ᠰᠣᠶᠣᠯ ᠤᠨ ᠶᠡᠬᠡ ᠣᠷᠣᠨ ᠢ ᠪᠦᠲᠦᠭᠡᠨ ᠪᠠᠶᠢᠭᠤᠯᠬᠤ ᠤᠷᠢᠶᠠᠯᠠᠭ᠎ᠠ ᠳᠠᠭᠠᠵᠤ ᠂ ᠰᠣᠶᠣᠯ ᠤᠨ ᠰᠤᠳᠤᠯᠭᠠᠨ ᠵᠢᠴᠢ ᠰᠣᠶᠣᠯ ᠤᠨ ᠤᠬᠠᠭᠠᠨ ᠤ ᠰᠠᠭᠤᠷᠢ ᠤᠨᠤᠯ ᠪᠣᠯᠤᠨ ᠠᠷᠭ᠎ᠠ ᠪᠠᠷᠢᠯ ᠦᠨ ᠰᠣᠳ᠋ᠣᠯᠣᠯ ᠳ᠋ᠤ ᠤᠷᠢᠳ ᠡᠮᠦᠨ᠎ᠡ ᠭᠠᠷᠤᠭ᠎ᠠ ᠦᠭᠡᠢ ᠪᠠᠶᠠᠷᠯᠠᠭᠤᠰᠢᠲᠠᠶ ᠪᠠᠢᠳᠠᠯ ᠢᠯᠡᠷᠡᠵᠦ ᠂ ᠰᠤᠳᠤᠯᠭᠠᠨ ᠤ ᠠᠵᠢᠯ ᠦᠷᠨᠢᠪᠡ ᠃ ᠲᠠᠯ᠎ᠠ ᠨᠤᠲᠤᠭ ᠤᠨ ᠰᠣᠶᠣᠯ ᠤᠨ ᠰᠤᠳᠤᠯᠤᠯ ᠤᠨ ᠢᠨᠵᠧᠨᠧᠷᠢᠩ ᠬᠡᠷᠡᠭᠵᠢᠭᠦᠯᠦᠭᠰᠡᠨ ᠶᠠᠪᠤᠳᠠᠯ ᠪᠣᠯ ᠲᠡᠭᠦᠨ ᠦ ᠬᠠᠮᠤᠭ ᠤᠨ ᠲᠣᠪᠣᠢᠮ᠎ᠠ ᠰᠢᠨᠵᠢ ᠲᠡᠮᠳᠡᠭ ᠪᠣᠯᠤᠨ᠎ᠠ ᠃ 21 ᠳ᠋ᠣᠭᠡᠷ ᠵᠠᠭᠤᠨ ᠤ ᠡᠬᠢ ᠪᠡᠷ ᠡᠬᠢᠯᠡᠨ ᠂ ᠰᠣᠶᠣᠯ ᠤᠨ ᠤᠬᠠᠭᠠᠨ ᠤ ᠰᠤᠳᠤᠯᠤᠯ ᠳᠤ ᠲᠠᠯ᠎ᠠ ᠨᠤᠲᠤᠭ ᠤᠨ ᠰᠣᠶᠣᠯ ᠢ ᠪᠦᠬᠦᠯᠢ ᠴᠣᠭᠴᠠ ᠠᠴᠠ ᠨᠢ ᠶᠡᠷᠦᠩᠬᠡᠶᠢᠯᠡᠨ ᠰᠤᠳᠤᠯᠵᠠᠶ ᠃ ᠲᠠᠯ᠎ᠠ ᠨᠤᠲᠤᠭ ᠤᠨ ᠰᠣᠶᠣᠯ ᠤᠨ ᠰᠢᠨᠵᠢᠯᠡᠭᠡᠨ ᠦ ᠰᠠᠯᠠᠭ᠎ᠠ ᠪᠠᠶᠢᠭᠤᠯᠤᠯᠲᠠ ᠶᠢᠨ ᠠᠰᠠᠭᠤᠳᠠᠯ ᠢ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠴᠢᠬᠤᠯᠠ ᠵᠥᠪᠯᠡᠬᠦ ᠵᠦᠶᠯ ᠳᠦ ᠣᠷᠣᠭᠤᠯᠪᠠ ᠃ ᠲᠠᠯ᠎ᠠ ᠨᠣᠳ᠋ᠣᠭ ᠦᠨ ᠬᠦᠷᠢᠶ᠎ᠠ ᠬᠡᠪᠴᠢᠶ᠎ᠠ ᠳ᠋ᠦ ᠂ ᠲᠠᠯ᠎ᠠ ᠨᠤᠲᠤᠭ ᠤᠨ ᠰᠣᠶᠣᠯ ᠤᠨ ᠤᠯᠠᠮᠵᠢᠯᠠᠯ ᠪᠠ ᠤᠳᠤ ᠦᠶ᠎ᠡ ᠶᠢᠨ ᠰᠣᠶᠣᠯ ᠬᠣᠭᠣᠷᠣᠨᠳᠣ ᠪᠠᠨ ᠴᠠᠭ ᠢᠮᠠᠭᠲᠠ ᠮᠦᠷᠭᠦᠯᠳ᠋ᠦᠵᠦ ᠪᠠᠶᠢᠳ᠋ᠠᠭ ᠃ ᠲᠡᠳᠡᠭᠡᠷ ᠨᠢ ᠬᠠᠷᠢᠯᠴᠠᠨ ᠰᠢᠩᠭᠡᠭᠡᠨ ᠠᠪᠬᠤ ᠶᠠᠪᠤᠴᠠ ᠳᠤ ᠰᠢᠨ᠎ᠡ ᠨᠢᠭᠡᠳᠦᠯ ᠢ ᠪᠦᠷᠢᠯᠳᠦᠭᠦᠯᠵᠦ ᠂ ᠲᠠᠯ᠎ᠠ ᠨᠤᠲᠤᠭ ᠤᠨ ᠰᠣᠶᠣᠯ ᠢ ᠭᠠᠵᠠᠷ ᠣᠷᠣᠨ ᠤ ᠰᠣᠶᠣᠯ ᠬᠢᠭᠡᠳ ᠦᠨᠳᠦᠰᠦᠲᠡᠨ ᠦ ᠰᠣᠶᠣᠯ ᠂ ᠨᠡᠭᠦᠳᠡᠯ ᠮᠠᠯᠵᠢᠯ ᠤᠨ ᠰᠣᠶᠣᠯ ᠬᠢᠭᠡᠳ ᠣᠯᠠᠨ ᠡᠰᠢᠳ᠋ᠦ ᠰᠣᠶᠣᠯ ᠂ ᠤᠳᠤ ᠦᠶ᠎ᠡ ᠶᠢᠨ ᠰᠣᠶᠣᠯ ᠬᠢᠭᠡᠳ ᠤᠯᠠᠮᠵᠢᠯᠠᠯᠲᠤ ᠰᠣᠶᠣᠯ ᠢ ᠣᠷᠭᠠᠨᠢᠭ ᠢᠶᠠᠷ ᠨᠢᠭᠡᠳᠬᠡᠭᠰᠡᠨ ᠪᠦᠬᠦᠯᠢ ᠴᠣᠭᠴᠠ ᠪᠣᠯᠭᠠᠭᠰᠠᠨ ᠪᠠᠶᠢᠨ᠎ᠠ ᠃ ᠲᠠᠯ᠎ᠠ ᠨᠤᠲᠤᠭ ᠤᠨ ᠰᠣᠶᠣᠯ ᠤᠨ ᠪᠠᠶᠢᠭᠤᠯᠤᠯᠲᠠ ᠶᠢᠨ ᠲᠤᠬᠠᠶ ᠡᠨᠡ ᠬᠦ ᠭᠣᠸᠯ ᠦᠵᠡᠯᠲᠡ ᠨᠢ ᠪᠦᠬᠦᠶᠢᠯᠡ ᠲᠠᠯ᠎ᠠ ᠨᠤᠲᠤᠭ ᠤᠨ ᠰᠣᠶᠣᠯ ᠤᠨ ᠰᠤᠳᠤᠯᠤᠯ ᠳᠤ ᠥᠷᠭᠡᠨ ᠳᠡᠯᠭᠡᠷ ᠪᠥᠭᠡᠳ ᠵᠥᠪ ᠣᠨᠣᠪᠴᠢᠲᠠᠶ ᠰᠤᠳᠤᠯᠭᠠᠨ ᠤ ᠠᠷᠭ᠎ᠠ ᠵᠠᠮ ᠢ ᠨᠡᠭᠡᠭᠡᠵᠦ ᠥᠭᠴᠡᠶ ᠃