ᠵᠤᠬᠢᠶᠠᠭᠴᠢ:
ᠴᠠᠭ:2019-07-26
ᠥᠵᠡᠭᠰᠡᠨ : ℃
ᠢᠷᠡᠯᠲᠡ:
ᠵ᠊ ᠂ ᠯᠣᠳᠣᠢ ᠶᠢᠨ 《ᠳᠠᠶᠢᠨ》 ᠭᠡᠬᠦ ᠷᠣᠮᠠᠨ ᠤ ᠲᠤᠬᠠᠢ ᠲᠠᠨᠢᠯᠴᠠᠭᠤᠯᠭ᠎ᠠ
ᠲᠣᠰ ᠷᠣᠮᠠᠨ 1988 ᠣᠨ ᠳᠤ ᠠᠩᠬ᠎ᠠ ᠮᠣᠩᠭᠤᠯ ᠤᠯᠤᠰ ᠲᠤ ᠬᠡᠪᠯᠡᠭᠳᠡᠵᠦ ᠂1991 ᠣᠨ ᠳᠤ ᠥᠪᠥᠷ ᠮᠣᠩᠭᠤᠯ ᠣᠷᠣᠨ ᠳᠤ ᠥᠪᠥᠷ ᠮᠣᠩᠭᠣᠯ ᠤᠨ ᠰᠣᠶᠣᠯ ᠤᠨ ᠬᠡᠪᠯᠡᠯ ᠤᠨ ᠬᠣᠷᠢᠶ᠎ᠠ ᠠᠴᠠ ᠳᠡᠭᠡᠳᠦ ᠳᠣᠣᠷᠠᠳᠤ ᠬᠤᠶᠠᠷ ᠪᠣᠳᠢ ᠪᠠᠷ ᠬᠡᠪᠯᠡᠪᠠ᠃ 2012 ᠣᠨ ᠳᠤ ᠥᠪᠥᠷ ᠮᠣᠩᠭᠤᠯ ᠤᠨ ᠠᠯᠤᠰ ᠤᠨ ᠪᠠᠷ᠎ᠠ ᠬᠡᠪᠯᠡᠯ ᠤᠨ ᠬᠣᠷᠢᠶ᠎ᠠ ᠬᠤᠶᠠᠷ ᠪᠣᠳᠢ ᠶᠢ ᠨᠡᠶᠢᠯᠡᠭᠦᠯᠦᠨ ᠨᠢᠭᠡ ᠳᠡᠪᠲᠡᠷ ᠪᠣᠯᠭᠠᠨ ᠬᠡᠪᠯᠡᠨ ᠲᠠᠷᠬᠠᠭᠠᠭᠰᠠᠨ ᠪᠠᠶᠢᠨ᠎ᠠ᠃
《ᠳᠠᠶᠢᠨ》 ᠷᠣᠮᠠᠨ ᠨᠢ ᠬᠤᠷᠢᠳᠤᠭᠠᠷ ᠵᠠᠭᠤᠨ ᠤ ᠭᠤᠴᠢ ᠳᠥᠴᠢᠭᠡᠳ ᠣᠨ ᠤ ᠳᠡᠯᠡᠬᠡᠢ ᠶᠢᠨ ᠬᠤᠶᠠᠳᠤᠭᠠᠷ ᠳᠠᠶᠢᠨ ᠤ ᠦᠶ᠎ᠡ ᠶᠢᠨ ᠮᠠᠨ ᠤ ᠣᠷᠣᠨ ᠤ ᠬᠥᠯᠥᠨ ᠪᠣᠶᠢᠷ ᠤᠨ ᠡᠷᠭᠢᠨ ᠲᠣᠭᠤᠷᠢᠨ ᠳᠠᠬᠢ ᠦᠢᠯᠡ ᠶᠠᠪᠤᠳᠠᠯ ᠢᠶᠠᠷ ᠬᠡᠯᠬᠢᠭᠳᠡᠨ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠣᠯᠵᠠ ᠨᠤᠲᠤᠭ ᠢᠶᠠᠷ ᠳᠡᠪᠢᠰᠭᠡᠷ ᠪᠣᠯᠭᠠᠵᠤ ᠥᠷᠨᠢᠭᠰᠡᠨ ᠦᠢᠯᠡ ᠬᠡᠷᠡᠭ ᠢ ᠪᠢᠴᠢᠪᠡ᠃
ᠵᠣᠬᠢᠶᠠᠯ ᠳᠤ ᠬᠠᠯᠬ᠎ᠠ ᠪᠠᠷᠭᠤ ᠪᠤᠷᠢᠶᠠᠳ ᠤᠨ ᠲᠡᠦᠬᠡ ᠶᠢᠨ ᠮᠡᠳᠡᠯᠭᠡ᠂ ᠵᠠᠩ ᠳᠠᠳᠬᠠᠯ᠂ ᠦᠭᠡ ᠬᠡᠯᠡ᠂ ᠥᠪᠡᠷᠮᠢᠴᠡ ᠬᠡᠯᠡᠴᠡ ᠢᠯᠡᠳᠲᠡ ᠬᠠᠷᠠᠭᠳᠠᠬᠤ ᠪᠠᠷ ᠨᠢ ᠪᠠᠷᠭᠤ ᠰᠣᠶᠣᠯ ᠤᠨ ᠥᠪ ᠬᠥᠷᠥᠩᠭᠡ ᠭᠠᠷᠴᠠᠭ᠎ᠠ ᠦᠭᠡᠢ ᠮᠥᠨ ᠪᠣᠯᠣᠭᠰᠠᠨ ᠢᠶᠠᠷ ᠪᠠᠷᠠᠬᠤ ᠦᠭᠡᠢ ᠰᠠᠶᠢᠬᠠᠨ ᠴᠦ ᠤᠩᠰᠢᠭᠳᠠᠬᠤ ᠷᠣᠮᠠᠨ ᠵᠣᠬᠢᠶᠠᠯ ᠤᠳ ᠤᠨ ᠨᠢᠭᠡ ᠨᠢ ᠪᠣᠯᠣᠭᠰᠠᠨ ᠪᠠᠶᠢᠨ᠎ᠠ᠃
ᠷᠣᠮᠠᠨ 《ᠳᠠᠶᠢᠨ》 ᠢ ᠵ᠊ ᠯᠣᠳᠣᠢ ᠪᠠ ᠢ᠊ ᠱᠠᠷᠠᠶᠢᠪᠤᠤ ᠬᠤᠶᠠᠭᠤᠯᠠ ᠬᠠᠮᠲᠤᠷᠠᠨ ᠪᠢᠴᠢᠪᠡ᠃
ᠢ᠊ ᠱᠠᠷᠠᠶᠢᠪᠤᠤ ᠪᠣᠯ ᠥᠪᠥᠷ ᠮᠣᠩᠭᠤᠯ ᠤᠨ ᠤᠤᠯ ᠤᠨ ᠰᠢᠨ᠎ᠡ ᠪᠠᠷᠭᠤ ᠵᠡᠭᠦᠨ ᠭᠠᠷ ᠤᠨ ᠬᠥᠪᠡᠭᠡᠲᠦ ᠰᠢᠷ᠎ᠠ ᠬᠤᠰᠢᠭᠤ᠂ ᠣᠳᠣ ᠶᠢᠨ ᠬᠥᠯᠥᠨ ᠪᠣᠶᠢᠷ ᠬᠤᠲᠠ ᠶᠢᠨ ᠰᠢᠨ᠎ᠡ ᠪᠠᠷᠭᠤ ᠵᠡᠭᠦᠨ ᠬᠤᠰᠢᠭᠤᠨ ᠤ ᠵᠢᠪᠬᠤᠯᠠᠩᠲᠤ ᠰᠤᠮᠤ ᠶᠢᠨ ᠤᠤᠭᠠᠯ ᠪᠣᠯᠣᠨ᠎ᠠ᠃ ᠮᠣᠩᠭᠤᠯ ᠤᠯᠤᠰ ᠤᠨ ᠶᠡᠭᠡ ᠰᠤᠷᠭᠠᠭᠤᠯᠢ ᠶᠢᠨ ᠬᠦᠨᠳᠦᠲᠦ ᠫᠷᠣᠹᠧᠰᠰᠣᠷ ᠢᠶᠠᠷ ᠣᠯᠠᠨ ᠵᠢᠯ ᠠᠵᠢᠯᠯᠠᠵᠤ ᠢᠷᠡᠭᠰᠡᠨ ᠶᠤᠮ ᠃ ᠡᠨᠡ ᠬᠤᠭᠤᠴᠠᠭᠠᠨ᠎ᠠ 《ᠬᠠᠶᠢᠯᠠᠷ ᠤᠨ ᠮᠠᠨᠠᠨ》᠂ 《ᠮᠠᠨᠵᠤᠤᠷ ᠤᠨ ᠲᠠᠯ᠎ᠠ》᠂ 《ᠳᠠᠶᠢᠨ》 ᠭᠡᠳᠡᠭ ᠲᠡᠦᠬᠡᠨ ᠵᠣᠬᠢᠶᠠᠯ ᠤᠳ ᠢᠶᠠᠨ ᠵᠣᠬᠢᠶᠠᠭᠴᠢ ᠵ᠊ ᠯᠣᠳᠣᠢ ᠶᠢᠨ ᠬᠠᠮᠲᠤ ᠲᠤᠭᠤᠷᠪᠢᠨ ᠪᠦᠲᠦᠭᠡᠪᠡ᠃ ᠲᠤᠬᠠᠢ ᠶᠢᠨ ᠴᠠᠭ ᠦᠶ᠎ᠡ ᠶᠢᠨ ᠤᠯᠤᠰ ᠲᠥᠷᠥ ᠶᠢᠨ ᠠᠭᠤᠷ ᠠᠮᠢᠰᠬᠤᠯ ᠳᠤ ᠨᠥᠯᠥᠭᠡᠯᠡᠭᠳᠡᠵᠦ 《ᠳᠠᠶᠢᠨ》 ᠷᠣᠮᠠᠨ ᠳᠤ ᠢ᠊ ᠱᠠᠷᠠᠶᠢᠪᠤᠤ ᠬᠡᠮᠡᠬᠦ ᠨᠡᠷ᠎ᠡ ᠪᠠᠨ ᠪᠢᠴᠢᠭᠰᠡᠨ ᠦᠭᠡᠢ᠃ 2009 ᠣᠨ ᠤ 2 ᠳ᠋ᠤᠭᠠᠷ ᠰᠠᠷ᠎ᠠ ᠶᠢᠨ 8 ᠤ ᠡᠳᠦᠷ ᠲᠡᠭᠦᠨ ᠦ ᠵᠠᠭᠤᠨ ᠨᠠᠰᠤᠨ ᠤ ᠣᠢ ᠶᠢ ᠪᠡᠯᠭᠡᠯᠡᠬᠦᠡᠷᠳᠡᠮ ᠰᠢᠨᠵᠢᠯᠡᠭᠡᠨ ᠤ ᠬᠤᠷᠠᠯ ᠢ ᠤᠯᠠᠭᠠᠨᠪᠠᠭᠠᠲᠤᠷ ᠲᠤ ᠵᠣᠬᠢᠶᠠᠨ ᠪᠠᠶᠢᠭᠤᠯᠵᠠᠢ᠃ ᠬᠡᠳᠦᠶᠢᠪᠡᠷ ᠵᠠᠭᠤᠨ ᠨᠠᠰᠤᠨ ᠤ ᠰᠡᠭᠦᠳᠡᠷ ᠵᠣᠭᠤᠭᠯᠠᠭᠰᠠᠨ ᠪᠣᠯᠪᠠᠴᠤ ᠵᠣᠬᠢᠶᠠᠯᠴᠢ ᠮᠠᠨᠢ 2009 ᠣᠨ ᠤ 3 ᠳ᠋ᠤᠭᠠᠷ ᠰᠠᠷ᠎ᠠ ᠶᠢᠨ 16 ᠳᠤ ᠶᠢᠷᠲᠢᠨᠴᠦ ᠠᠴᠠ ᠠᠶᠠᠷᠯᠠᠪᠠ᠃
ᠵ᠊ • ᠯᠣᠳᠣᠢ ᠪᠣᠯ ᠥᠪᠥᠷ ᠮᠣᠩᠭᠤᠯ ᠣᠷᠣᠨ ᠤ ᠬᠥᠯᠥᠨ ᠪᠣᠶᠢᠷ ᠨᠤᠲᠤᠭ ᠤᠨ ᠰᠡᠳᠦᠪ ᠢᠶᠠᠷ ᠵᠣᠬᠢᠶᠠᠨ ᠪᠦᠲᠦᠭᠡᠳᠡᠭ ᠮᠣᠩᠭᠤᠯ ᠤᠯᠤᠰ ᠤᠨ ᠵᠣᠬᠢᠶᠠᠭᠴᠢ ᠪᠣᠯᠣᠨ᠎ᠠ᠃ ᠶᠠᠫᠤᠨ ᠤ ᠲᠦᠷᠢᠮᠡᠬᠡᠶᠢᠯᠡᠯ ᠤᠨ ᠦᠶ᠎ᠡ ᠳᠤ ᠮᠠᠨ ᠤ ᠣᠷᠣᠨ ᠢᠶᠠᠷ ᠤᠯᠠᠨ ᠤᠳᠠᠭ᠎ᠠ ᠰᠥᠷᠬᠦ ᠲᠠᠩᠨᠠᠭᠤᠯ ᠤᠨ ᠡᠭᠦᠷᠭᠡ ᠭᠦᠢᠴᠡᠳᠬᠡᠵᠦ ᠶᠠᠪᠤᠵᠤ ᠪᠠᠶᠢᠵᠠᠢ᠃ ᠳᠡᠭᠡᠷ᠎ᠡ ᠵᠠᠭᠤᠨ ᠤ ᠲᠠᠪᠢᠭᠠᠳ ᠣᠨ ᠤ ᠦᠶ᠎ᠡ ᠳᠤ ᠳᠡᠯᠭᠡᠷᠡᠭᠰᠡᠨ 《ᠥᠷᠭᠡᠨ ᠬᠠᠩᠭᠠᠢ ᠨᠤᠲᠤᠭ》 ᠭᠡᠳᠡᠭ ᠳᠠᠭᠤᠤ ᠨᠢ ᠡᠨᠡ ᠵᠣᠬᠢᠶᠠᠭᠴᠢ ᠶᠢᠨ ᠭᠠᠷ ᠠᠴᠠ ᠪᠢᠴᠢᠭᠳᠡᠪᠡ᠃ ᠳᠠᠭᠤᠤ ᠪᠠᠷ ᠢᠶᠠᠨ ᠲᠠᠨᠢᠭᠳᠠᠨ ᠨᠡᠷ᠎ᠡ ᠭᠠᠷᠤᠭᠰᠠᠨ ᠵᠣᠬᠢᠶᠠᠯᠴᠢ ᠮᠠᠨᠢ ᠶᠡᠷᠡᠭᠡᠳ ᠣᠨ ᠤ ᠰᠡᠭᠦᠯᠴᠢ ᠪᠠᠷ ᠮᠠᠨ ᠤ ᠣᠷᠣᠨ ᠢᠶᠠᠷ ᠶᠠᠪᠤᠵᠤ ᠰᠠᠭᠤᠵᠤ ᠪᠠᠶᠢᠭᠰᠠᠨ ᠢ ᠠᠳᠡ ᠳᠤᠷᠠᠳᠤᠨ ᠲᠡᠮᠳᠡᠭᠯᠡᠶ᠎ᠡ᠃