ᠵᠤᠬᠢᠶᠠᠭᠴᠢ:
ᠴᠠᠭ:2019-07-18
ᠥᠵᠡᠭᠰᠡᠨ : ℃
ᠢᠷᠡᠯᠲᠡ:
ᠮᠣᠩᠭᠣᠯ ᠦᠨᠳᠦᠰᠦᠲᠡᠨ ᠦ ᠰᠤᠳᠤᠯᠤᠯ
ᠮᠣᠩᠭᠣᠯ ᠦᠨᠳᠦᠰᠦᠲᠡᠨ ᠪᠣᠯ ᠪᠣᠯᠪᠠᠰᠤᠨ ᠤ ᠬᠥᠭᠵᠢᠯᠲᠡ ᠶᠢᠨ ᠲᠡᠶ ᠃ ᠮᠣᠩᠭᠣᠯ ᠰᠤᠳᠤᠯᠤᠯ ᠪᠣᠯ ᠥᠪᠥᠷ ᠮᠣᠩᠭᠣᠯ ᠤᠨ ᠨᠡᠶᠢᠭᠡᠮ ᠦᠨ ᠰᠢᠨᠵᠢᠯᠡᠬᠦ ᠤᠬᠠᠭᠠᠨ ᠤ ᠰᠤᠳᠤᠯᠤᠯ ᠤᠨ ᠴᠢᠬᠤᠯᠠ ᠪᠣᠯᠤᠨ᠎ᠠ ᠃ ᠮᠣᠩᠭᠣᠯ ᠦᠨᠳᠦᠰᠦᠲᠡᠨ ᠲᠤᠯᠭᠤᠷ ᠪᠢᠴᠢᠭ ᠦᠨ ᠰᠤᠳᠤᠯᠤᠯ ᠵᠢᠴᠢ ᠳᠤᠮᠳᠠᠳᠤ ᠤᠯᠤᠰ ᠤᠮᠠᠷᠠᠲᠤ ᠶᠢᠨ ᠦᠨᠳᠦᠰᠦᠲᠡᠨ ᠰᠤᠳᠤᠯᠤᠯ ᠤᠨ ᠬᠡᠰᠡᠭ ᠬᠦᠷᠢᠶ᠎ᠡ ᠬᠡᠪᠴᠢᠶᠡᠨ ᠳᠦ ᠪᠠᠰᠠ ᠮᠣᠩᠭᠣᠯ ᠦᠨᠳᠦᠰᠦᠲᠡᠨ ᠦ ᠰᠤᠳᠤᠯᠤᠯ ᠤᠨ ᠬᠦᠷᠢᠶ᠎ᠡ ᠬᠡᠪᠴᠢᠶ᠎ᠡ ᠶᠢ ᠪᠠᠭᠲᠠᠭᠠᠵᠠᠶ ᠃
13 ᠳ᠋ᠤᠭᠠᠷ ᠵᠠᠭᠤᠨ ᠤ ᠳᠤᠮᠳᠠᠴᠢ ᠦᠶ᠎ᠡ ᠪᠡᠷ ᠮᠣᠩᠭᠣᠯ ᠦᠨᠳᠦᠰᠦᠲᠡᠨ ᠰᠣᠶᠣᠯ ᠪᠦᠲᠦᠭᠡᠯ ᠮᠣᠩᠭᠣᠯ ᠤᠨ ᠨᠢᠭᠤᠴᠠ ᠲᠣᠪᠴᠢᠶᠠᠨ 17 ᠳ᠋ᠤᠭᠠᠷ ᠵᠠᠭᠤᠨ ᠤ ᠡᠬᠢ ᠪᠡᠷ ᠠᠯᠲᠠᠨ ᠬᠠᠭᠠᠨ ᠤ ᠢ ᠨᠣᠮ ᠃ ᠡᠭᠦᠨ ᠡᠴᠡ ᠬᠣᠶᠢᠰᠢ ᠂ ᠂ ᠠᠯᠲᠠᠨ ᠲᠣᠪᠴᠢ ᠂ ᠂ ᠭᠠᠩᠭ᠎ᠠ ᠤᠷᠤᠰᠬᠠᠯ ᠂ ᠮᠣᠩᠭᠣᠯ ᠤᠳᠤᠮ ᠤᠨ ᠴᠠᠳᠢᠭ ᠂ ᠠᠯᠲᠠᠨ ᠬᠦᠷᠳᠦᠨ ᠮᠢᠩᠭᠠᠨ ᠂ ᠪᠣᠯᠣᠷ ᠡᠷᠢᠬᠡ ᠵᠢᠴᠢ ᠠᠯᠲᠠᠨ ᠲᠣᠪᠴᠢ ᠵᠡᠷᠭᠡ ᠮᠣᠩᠭᠣᠯ ᠵᠣᠬᠢᠶᠠᠯ ᠵᠠᠯᠭᠠᠭ᠎ᠠ ᠪᠠᠷ ᠪᠢᠴᠢᠭᠳᠡᠵᠡᠶ ᠃
1947 ᠣᠨ 5 ᠰᠠᠷ᠎ᠠ ᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠮᠣᠩᠭᠣᠯ ᠤᠨ ᠰᠤᠳᠤᠯᠬᠤ ᠠᠵᠢᠯ ᠰᠢᠨ᠎ᠡ ᠨᠢᠭᠡᠨ ᠬᠥᠭᠵᠢᠯᠲᠡ ᠶᠢᠨ ᠱᠠᠲᠤᠨ ᠳᠤ ᠣᠷᠣᠪᠠ ᠃ ᠪᠥᠬᠥᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ ᠤ ᠳᠠᠷᠠᠭ᠎ᠠ᠂ ᠴᠥᠭᠡᠨ ᠲᠣᠭᠠᠲᠤ ᠦᠨᠳᠦᠰᠦᠲᠡᠨ ᠦ ᠠᠰᠠᠭᠤᠳᠠᠯ ᠢ ᠰᠤᠳᠤᠯᠬᠤ ᠶᠢ ᠴᠢᠬᠤᠯᠠᠴᠢᠯᠠᠪᠠ ᠃ 1956 ᠣᠨ ᠳᠤ ᠂ ᠪᠦᠬᠦ ᠤᠯᠤᠰ ᠠᠷᠠᠳ ᠤᠨ ᠲᠥᠯᠥᠭᠡᠯᠡᠭᠴᠢᠳ ᠦᠨ ᠶᠡᠬᠡ ᠬᠤᠷᠠᠯ ᠤᠨ ᠦᠨᠳᠦᠰᠦᠲᠡᠨ ᠦ ᠬᠡᠷᠡᠭ ᠡᠷᠬᠢᠯᠡᠬᠦ ᠬᠣᠷᠢᠶ᠎ᠠ ᠶᠢᠨ ᠤᠳᠤᠷᠢᠳᠤᠯᠭ᠎ᠠ ᠂ 8 ᠮᠣᠵᠢ ᠣᠷᠣᠨ ᠨᠡᠶᠢᠭᠡᠮ ᠪᠠᠶᠢᠴᠠᠭᠠᠯᠲᠠ ᠵᠣᠬᠢᠶᠠᠨ ᠪᠠᠶᠢᠭᠤᠯᠵᠤ ᠂ ᠴᠥᠭᠡᠨ ᠲᠣᠭᠠᠲᠤ ᠦᠨᠳᠦᠰᠦᠲᠡᠨ ᠦ ᠭᠠᠵᠠᠷ ᠣᠷᠣᠨ ᠳᠤ ᠨᠡᠶᠢᠭᠡᠮ ᠪᠠᠶᠢᠴᠠᠭᠠᠯᠲᠠ ᠶᠢ ᠥᠷᠨᠢᠭᠦᠯᠪᠡ ᠃ ᠥᠪᠥᠷ ᠮᠣᠩᠭᠣᠯ ᠤᠨ ᠴᠥᠭᠡᠨ ᠲᠣᠭᠠᠲᠤ ᠦᠨᠳᠦᠰᠦᠲᠡᠨ ᠦ ᠨᠡᠶᠢᠭᠡᠮ ᠮᠣᠩᠭᠣᠯ ᠦᠨᠳᠦᠰᠦᠲᠡᠨ ᠦ ᠨᠡᠶᠢᠭᠡᠮ ᠲᠤᠬᠠᠶ ᠶᠡᠬᠡ ᠬᠡᠪᠴᠢᠶᠡᠨ ᠦ ᠪᠠᠶᠢᠴᠠᠭᠠᠯᠲᠠ ᠬᠢᠵᠦ ᠂ ᠨᠢᠭᠡ ᠪᠦᠯᠦᠭ ᠴᠢᠬᠤᠯᠠ ᠮᠠᠲ᠋ᠧᠷᠢᠶᠠᠯ ᠢ ᠵᠠᠪᠳᠤᠨ ᠰᠠᠭᠤᠷᠢᠨ ᠳᠡᠭᠡᠷ᠎ᠡ ᠮᠣᠩᠭᠣᠯ ᠦᠨᠳᠦᠰᠦᠲᠡᠨ ᠦ ᠲᠣᠪᠴᠢ ᠡᠬᠡ ᠨᠣᠣᠷᠠᠭ ᠢ ᠨᠠᠶᠢᠷᠠᠭᠤᠯᠤᠨ ᠪᠢᠴᠢᠵᠡᠶ ᠃