ᠵᠤᠬᠢᠶᠠᠭᠴᠢ:
ᠴᠠᠭ:2019-06-12
ᠥᠵᠡᠭᠰᠡᠨ : ℃
ᠢᠷᠡᠯᠲᠡ:
ᠮᠣᠩᠭᠣᠯ ᠠᠨᠠᠭᠠᠬᠤ ᠤᠬᠠᠭᠠᠨ ᠮᠡᠷᠭᠡᠵᠢᠯ ᠦᠨ ᠤᠷᠤᠰᠬᠠᠯ ᠪᠦᠯᠦᠭ — ᠣᠷᠴᠢᠨ ᠦᠶ᠎ᠡ ᠶᠢᠨ ᠮᠣᠩᠭᠣᠯ ᠠᠨᠠᠭᠠᠬᠤ ᠤᠬᠠᠭᠠᠨ ᠪᠦᠯᠦᠭᠲᠡᠨ
ᠨᠡᠢᠢᠲᠡ ᠶᠢᠨ ᠣᠨ ᠲᠣᠭᠠᠯᠠᠯ17 ᠳ᠋ᠤᠭᠠᠷ ᠵᠠᠭᠤᠨ ᠤ ᠰᠡᠭᠦᠯᠴᠢ ᠪᠤᠶᠤ 18 ᠳ᠋ᠤᠭᠠᠷ ᠵᠠᠭᠤᠨ ᠤ ᠡᠬᠢ ᠪᠡᠷ ᠨᠢᠭᠡᠨ ᠰᠢᠨ᠎ᠡ ᠮᠣᠩᠭᠣᠯ ᠠᠨᠠᠭᠠᠬᠤ ᠤᠬᠠᠭᠠᠨ ᠤ ᠤᠷᠤᠰᠬᠠᠯ ᠪᠦᠯᠦᠭ ᠨᠢ ᠪᠠᠰᠠ ᠤᠯᠠᠮᠵᠢᠯᠠᠯᠲᠤ ᠮᠣᠩᠭᠣᠯ ᠠᠨᠠᠭᠠᠬᠤ ᠤᠬᠠᠭᠠᠨ ᠤ ᠪᠦᠯᠦᠭ ᠪᠣᠯᠤᠨ ᠲᠥᠪᠡᠳ ᠠᠨᠠᠭᠠᠬᠤ ᠤᠬᠠᠭᠠᠨ ᠤ ᠪᠦᠯᠦᠭ ᠦᠨ ᠡᠩᠨᠡᠭᠡ ᠡᠴᠡ ᠰᠠᠯᠵᠤ ᠂ ᠪᠠᠢᠨ᠎ᠠ ᠃ ᠡᠨᠡ ᠬᠦ ᠰᠢᠨ᠎ᠡ ᠡᠷᠳᠡᠮ ᠰᠢᠨᠵᠢᠯᠡᠭᠡᠨ ᠦ ᠪᠦᠯᠦᠭ ᠦᠨ ᠠᠨᠠᠭᠠᠬᠤ ᠤᠬᠠᠭᠠᠨ ᠤ ᠳᠥᠷᠪᠡᠨ ᠦᠨᠳᠦᠰᠦ ᠶᠢᠨ ᠣᠨᠣᠯ ᠠᠮᠵᠢᠯᠲᠠ ᠵᠢᠴᠢ ᠮᠣᠩᠭᠣᠯ ᠠᠨᠠᠭᠠᠬᠤ ᠤᠬᠠᠭᠠᠨ ᠳᠤ ᠦᠵᠡᠭᠦᠯᠦᠭᠰᠡᠨ ᠨᠥᠯᠥᠭᠡ ᠶᠢ ᠬᠡᠳᠦᠨ ᠮᠢᠩᠭᠠᠨ ᠵᠢᠯ ᠦᠨ ᠲᠤᠷᠰᠢ ᠮᠣᠩᠭᠣᠯ ᠤᠨ ᠤᠯᠠᠮᠵᠢᠯᠠᠯᠲᠤ ᠠᠨᠠᠭᠠᠬᠤ ᠤᠬᠠᠭᠠᠨ ᠤ ᠬᠤᠷᠠᠮᠳᠤᠭᠤᠯᠤᠭᠰᠠᠨ ᠡᠷᠬᠢᠮ ᠨᠠᠨᠳᠢᠨ ᠦᠢᠯᠡᠳᠦᠯᠭᠡ ᠶᠢᠨ ᠲᠤᠷᠰᠢᠯᠭ᠎ᠠ ᠶᠢ ᠴᠤ ᠃ ᠮᠣᠩᠭᠣᠯ ᠦᠨᠳᠦᠰᠦᠲᠡᠨ ᠦ ᠦᠶ᠎ᠡ ᠤᠯᠠᠷᠢᠨ ᠣᠷᠣᠰᠢᠨ ᠪᠠᠢᠭᠰᠠᠨ ᠳᠤᠮᠳᠠᠳᠤ ᠤᠯᠤᠰ ᠤᠮᠠᠷᠠᠲᠤ ᠣᠷᠣᠨ ᠤ ᠲᠠᠯ᠎ᠠ ᠨᠤᠲᠤᠭ ᠂ ᠣᠷᠣᠨ ᠤ ᠪᠣᠳᠠᠲᠠᠶ ᠪᠠᠶᠢᠳᠠᠯ ᠠᠴᠠ ᠡᠭᠦᠰᠴᠦ᠂ ᠮᠣᠩᠭᠣᠯ ᠦᠨᠳᠦᠰᠦᠲᠡᠨ ᠦ ᠤᠷᠳᠤ ᠬᠤᠭᠤᠴᠠᠭ᠎ᠠ ᠪᠠᠷ ᠬᠤᠷᠠᠮᠳᠤᠭᠤᠯᠤᠭᠰᠠᠨ ᠤᠯᠠᠮᠵᠢᠯᠠᠯᠲᠤ ᠡᠪᠡᠳᠴᠢᠨ ᠰᠡᠷᠭᠡᠶᠢᠯᠡᠬᠦ ᠂ ᠡᠪᠡᠳᠴᠢᠨ ᠵᠠᠰᠠᠬᠤ ᠂ ᠡᠮ ᠬᠡᠷᠡᠭᠯᠡᠬᠦ ᠂ ᠡᠷᠡᠭᠦᠯ ᠮᠡᠨᠳᠦ ᠶᠢ ᠬᠠᠮᠠᠭᠠᠯᠠᠬᠤ ᠵᠡᠷᠭᠡ ᠡᠮᠴᠢᠯᠡᠭᠡᠨ ᠦ ᠦᠢᠯᠡᠳᠦᠯᠭᠡ ᠶᠢᠨ ᠲᠤᠷᠰᠢᠯᠭ᠎ᠠ ᠪᠠᠷ ᠰᠠᠭᠤᠷᠢ ᠪᠣᠯᠭᠠᠵᠤ ᠂ ᠲᠥᠪᠡᠳ ᠠᠨᠠᠭᠠᠬᠤ ᠤᠬᠠᠭᠠᠨ ᠂ ᠡᠨᠡᠳᠬᠡᠭ ᠦᠨ ᠠᠨᠠᠭᠠᠬᠤ ᠤᠬᠠᠭᠠᠨ ᠤ ᠬᠡᠰᠡᠭ ᠤᠨᠤᠯ ᠵᠢᠴᠢ ᠬᠢᠲᠠᠳ ᠠᠨᠠᠭᠠᠬᠤ ᠤᠬᠠᠭᠠᠨ ᠪᠠ ᠪᠤᠰᠤᠳ ᠠᠬ᠎ᠠ ᠳᠡᠭᠦᠦ ᠦᠨᠳᠦᠰᠦᠲᠡᠨ ᠦ ᠠᠨᠠᠭᠠᠬᠤ ᠤᠬᠠᠭᠠᠨ ᠤ ᠬᠣᠯᠪᠣᠭᠳᠠᠯ ᠪᠦᠬᠦᠢ ᠮᠡᠳᠡᠯᠭᠡ ᠶᠢ ᠰᠢᠩᠭᠡᠭᠡᠨ ᠠᠪᠴᠤ ᠂ ᠮᠣᠩᠭᠣᠯ ᠠᠨᠠᠭᠠᠬᠤ ᠤᠬᠠᠭᠠᠨ ᠳᠤ ᠨᠢᠭᠡᠨ ᠢᠯᠠ ᠲᠣᠳᠣ ᠣᠷᠣᠨ ᠨᠤᠲᠤᠭ ᠤᠨ ᠣᠨᠴᠠᠯᠢᠭ ᠪᠠ ᠦᠨᠳᠦᠰᠦᠲᠡᠨ ᠦ ᠣᠨᠴᠠᠯᠢᠭ ᠪᠦᠬᠦᠢ ᠣᠨᠣᠯ ᠰᠢᠰᠲ᠋ᠧᠮ ᠢ ᠪᠠᠢᠭᠤᠯᠵᠤ ᠥᠭᠬᠦ ᠶᠢ ᠃
18 ᠳ᠋ᠤᠭᠠᠷ ᠵᠠᠭᠤᠨ ᠤ ᠳᠤᠮᠳᠠᠴᠢ ᠪᠠᠷ ᠣᠷᠴᠢᠨ ᠦᠶ᠎ᠡ ᠶᠢᠨ ᠮᠣᠩᠭᠣᠯ ᠠᠨᠠᠭᠠᠬᠤ ᠤᠬᠠᠭᠠᠨ ᠤ ᠨᠢ ᠨᠢᠭᠡᠨᠲᠡ ᠲᠤᠬᠠᠶ ᠶᠢᠨ ᠦᠶ᠎ᠡ ᠶᠢᠨ ᠮᠣᠩᠭᠣᠯ ᠠᠨᠠᠭᠠᠬᠤ ᠤᠬᠠᠭᠠᠨ ᠤ ᠭᠣᠣᠯ ᠤᠷᠤᠰᠬᠠᠯ ᠪᠦᠯᠦᠭ ᠪᠣᠯᠤᠭᠰᠠᠨ ᠪᠠᠢᠨ᠎ᠠ ᠃ ᠰᠤᠷᠭᠠᠯᠲᠠᠨ ᠤ ᠭᠣᠣᠯ ᠪᠣᠯᠬᠤ ᠲᠥᠯᠥᠭᠡᠯᠡᠭᠴᠢ ᠬᠥᠮᠦᠰ ᠭᠡᠪᠡᠯ ᠄ 18 ᠳ᠋ᠤᠭᠠᠷ ᠵᠠᠭᠤᠨ ᠤ ᠳᠤ ᠣᠢᠷᠠᠳ ᠤᠨ ᠠᠯᠳᠠᠷᠲᠤ ᠮᠣᠩᠭᠣᠯ ᠠᠨᠠᠭᠠᠬᠤ ᠤᠬᠠᠭᠠᠨᠲᠠᠨ ᠢᠰᠢᠪᠠᠯᠵᠤᠤᠷ ᠂ 19 ᠵᠠᠭᠤᠨ ᠤ ᠬᠣᠰᠢᠭᠤᠨ ᠤ ᠠᠯᠳᠠᠷᠲᠤ ᠮᠣᠩᠭᠣᠯ ᠠᠨᠠᠭᠠᠬᠤ ᠤᠬᠠᠭᠠᠨᠲᠠᠨ ᠵᠠᠮᠪᠠᠯᠳᠣᠷᠵᠢ ᠂ ᠣᠢᠷᠠᠳ ᠤᠨ ᠮᠣᠩᠭᠣᠯ ᠡᠮᠴᠢ ᠂ ᠣᠷᠳᠣᠰ ᠤᠨ ᠢᠰᠢᠳᠠᠨᠽᠠᠨᠸᠠᠩᠵᠢᠯ ᠪᠣᠯᠤᠨ ᠴᠠᠬᠠᠷ ᠵᠡᠷᠭᠡ ᠪᠤᠢ ᠃