ᠵᠤᠬᠢᠶᠠᠭᠴᠢ:
ᠴᠠᠭ:2019-06-06
ᠥᠵᠡᠭᠰᠡᠨ : ℃
ᠢᠷᠡᠯᠲᠡ:
ᠥᠪᠥᠷ ᠮᠣᠩᠭᠣᠯ ᠤᠨ ᠠᠩᠬᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠡᠤᠬᠡ ᠶᠢᠨ ᠰᠤᠳᠤᠯᠤᠯ
1956 ᠣᠨ 8 ᠰᠠᠷ᠎ᠠ ᠳᠤ ᠂ ᠯᠢ ᠳ᠋ᠢ ᠵᠡᠭᠦᠨ ᠬᠣᠶᠢᠲᠤ ᠶᠢᠨ ᠪᠠᠭᠰᠢ ᠶᠢᠨ ᠶᠡᠬᠡ ᠰᠤᠷᠭᠠᠭᠤᠯᠢ ᠠᠴᠠ ᠥᠪᠥᠷ ᠮᠣᠩᠭᠣᠯ ᠤᠨ ᠪᠠᠭᠰᠢ ᠶᠢᠨ ᠰᠤᠷᠭᠠᠭᠤᠯᠢ ᠳᠤ ᠪᠠᠭᠰᠢᠯᠠᠵᠤ ᠂ ᠡᠩ ᠲᠡᠷᠢᠭᠦᠨ ᠳᠦ ᠲᠣᠭᠠᠨ ᠤ ᠤᠬᠠᠭᠠᠨ ᠤ ᠲᠡᠤᠬᠡ ᠶᠢ ᠰᠤᠳᠤᠯᠵᠤ ᠂ ᠬᠣᠵᠢᠮ ᠨᠢ ᠣᠳᠣᠨ ᠣᠷᠣᠨ ᠤ ᠤᠳᠬ᠎ᠠ ᠵᠣᠬᠢᠶᠠᠯ ᠤᠨ ᠲᠡᠤᠬᠡ ᠂ ᠭᠠᠵᠠᠷ ᠵᠦᠶ ᠶᠢᠨ ᠲᠡᠤᠬᠡ ᠵᠢᠴᠢ ᠪᠤᠰᠤᠳ ᠰᠢᠨᠵᠢᠯᠡᠭᠡᠨ ᠦ ᠰᠠᠯᠠᠭ᠎ᠠ ᠶᠢᠨ ᠲᠡᠤᠬᠡ ᠬᠦᠷᠲᠡᠯ᠎ᠡ ᠥᠷᠭᠡᠳᠬᠡᠪᠡ ᠃ 1983 ᠣᠨ ᠳᠤ ᠂ ᠥᠪᠥᠷ ᠮᠣᠩᠭᠣᠯ ᠤᠨ ᠪᠠᠭᠰᠢ ᠶᠢᠨ ᠰᠤᠷᠭᠠᠭᠤᠯᠢ ᠳᠤ ᠰᠢᠨᠵᠢᠯᠡᠬᠦ ᠤᠬᠠᠭᠠᠨ ᠤ ᠲᠡᠤᠬᠡ ᠰᠤᠳᠤᠯᠬᠤ ᠲᠠᠰᠤᠭ ᠪᠠᠢᠭᠤᠯᠵᠤ ᠂ ᠬᠣᠵᠢᠮ ᠨᠢ ᠰᠤᠳᠤᠯᠭᠠᠨ ᠤ ᠭᠠᠵᠠᠷ ᠪᠣᠯᠭᠠᠪᠠ ᠃ 1978 ᠣᠨ ᠠᠴᠠ ᠰᠢᠨᠵᠢᠯᠡᠬᠦ ᠤᠬᠠᠭᠠᠨ ᠤ ᠲᠡᠤᠬᠡ ᠶᠢᠨ ᠠᠰᠫᠢᠷᠠᠨᠲ ᠡᠯᠰᠡᠪᠡ ᠃
1985 ᠣᠨ ᠳᠤ ᠂ ᠳᠤ ᠪᠦᠬᠦ ᠤᠯᠤᠰ ᠬᠣᠶᠠᠳᠤᠭᠠᠷ ᠬᠤᠭᠤᠴᠠᠭᠠᠨ ᠤ ᠲᠣᠭᠠᠨ ᠤ ᠤᠬᠠᠭᠠᠨ ᠤ ᠲᠡᠤᠬᠡ ᠶᠢᠨ ᠣᠨ ᠬᠤᠷᠠᠯ ᠢ ᠡᠷᠬᠢᠯᠡᠪᠡ ᠃ 1987 ᠣᠨ ᠳᠤ ᠪᠠᠰᠠ ᠳᠤ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠴᠥᠭᠡᠨ ᠲᠣᠭᠠᠲᠤ ᠦᠨᠳᠦᠰᠦᠲᠡᠨ ᠦ ᠰᠢᠨᠵᠢᠯᠡᠬᠦ ᠤᠬᠠᠭᠠᠨ ᠮᠡᠷᠭᠡᠵᠢᠯ ᠦᠨ ᠲᠡᠤᠬᠡ ᠶᠢᠨ ᠡᠷᠳᠡᠮ ᠰᠢᠨᠵᠢᠯᠡᠭᠡᠨ ᠦ ᠶᠠᠷᠢᠯᠴᠠᠬᠤ ᠬᠤᠷᠠᠯ ᠢ ᠬᠤᠷᠠᠯᠳᠤᠭᠤᠯᠪᠠ ᠃
20 ᠳ᠋ᠤᠭᠠᠷ ᠵᠠᠭᠤᠨ ᠤ ᠳᠠᠯᠠᠭᠠᠳ ᠣᠨ ᠰᠡᠭᠦᠯᠴᠢ ᠡᠴᠡ ᠡᠬᠢᠯᠡᠨ ᠂ ᠥᠪᠥᠷ ᠮᠣᠩᠭᠣᠯ ᠤᠨ ᠠᠨᠠᠭᠠᠬᠤ ᠤᠬᠠᠭᠠᠨ ᠤ ᠰᠤᠷᠭᠠᠭᠤᠯᠢ ᠶᠢᠨ ᠪᠣᠯᠤᠨ ᠪᠠᠷ ᠲᠥᠯᠥᠭᠡᠯᠡᠭᠦᠯᠦᠭᠰᠡᠨ ᠠᠨᠠᠭᠠᠬᠤ ᠤᠬᠠᠭᠠᠨ ᠤ ᠲᠡᠤᠬᠡ ᠶᠢᠨ ᠰᠤᠳᠤᠯᠭᠠᠨ ᠠᠯᠬᠤᠮ ᠠᠯᠬᠤᠮ ᠢᠶᠠᠷ ᠥᠷᠨᠢᠪᠡ ᠃ 1980 ᠣᠨ ᠳᠤ ᠂ ᠳᠤ ᠥᠪᠥᠷ ᠮᠣᠩᠭᠣᠯ ᠤᠨ ᠠᠨᠠᠭᠠᠬᠤ ᠤᠬᠠᠭᠠᠨ ᠤ ᠲᠡᠤᠬᠡ ᠶᠢᠨ ᠬᠤᠪᠢᠶᠠᠷᠢ ᠨᠡᠶᠢᠭᠡᠮᠯᠢᠭ ᠦᠨ ᠠᠩᠬᠠᠳᠤᠭᠠᠷ ᠬᠤᠭᠤᠴᠠᠭᠠᠨ ᠤ ᠡᠷᠳᠡᠮ ᠰᠢᠨᠵᠢᠯᠡᠭᠡᠨ ᠦ ᠬᠤᠷᠠᠯ ᠢ ᠬᠤᠷᠠᠯᠳᠤᠭᠤᠯᠵᠤ ᠂ 1983 ᠣᠨ ᠳᠤ ᠳᠤ ᠪᠠᠰᠠ ᠰᠢᠨᠵᠢᠯᠡᠬᠦ ᠤᠬᠠᠭᠠᠨ ᠤ ᠲᠡᠤᠬᠡ ᠶᠢᠨ ᠠᠨᠠᠭᠠᠬᠤ ᠤᠬᠠᠭᠠᠨ ᠤ ᠲᠡᠤᠬᠡ ᠬᠣᠶᠠᠳᠤᠭᠠᠷ ᠬᠤᠭᠤᠴᠠᠭ᠎ᠠ ᠶᠢᠨ ᠡᠷᠳᠡᠮ ᠰᠢᠨᠵᠢᠯᠡᠭᠡᠨ ᠦ ᠶᠠᠷᠢᠯᠴᠠᠬᠤ ᠬᠤᠷᠠᠯ ᠢ ᠬᠤᠷᠠᠯᠳᠤᠭᠤᠯᠪᠠ ᠃ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠲᠡᠤᠬᠡ ᠶᠢᠨ ᠰᠤᠳᠤᠯᠭᠠᠨ ᠤ ᠲᠠᠯ᠎ᠠ ᠪᠠᠷ ᠮᠠᠰᠢ ᠤᠯᠠᠨ ᠦᠷ᠎ᠡ ᠪᠦᠲᠦᠭᠡᠯ ᠣᠯᠵᠤ ᠂ 20 ᠭᠠᠷᠤᠢ ᠵᠦᠢᠯ ᠦᠨ ᠵᠣᠬᠢᠶᠠᠯ ᠬᠡᠪᠯᠡᠭᠦᠯᠵᠦ ᠂ 300 ᠭᠠᠷᠤᠢ ᠥᠭᠦᠯᠡᠯ ᠨᠡᠢᠲᠡᠯᠡᠵᠡᠢ ᠃