ᠵᠤᠬᠢᠶᠠᠭᠴᠢ:
ᠴᠠᠭ:2019-05-31
ᠥᠵᠡᠭᠰᠡᠨ : ℃
ᠢᠷᠡᠯᠲᠡ:
ᠪᠤᠭᠤᠲᠤ ᠪᠣᠯ ᠲᠡᠤᠬᠡᠨ ᠳᠡᠭᠡᠷ᠎ᠡ ᠵᠠᠰᠠᠭ ᠵᠠᠬᠢᠷᠭᠠᠨ ᠤ ᠪᠠᠢᠭᠤᠯᠤᠮᠵᠢ ᠨᠡᠯᠢᠶᠡᠳ ᠡᠷᠲᠡ ᠪᠠᠢᠭᠤᠯᠤᠭᠳᠠᠭᠰᠠᠨ ᠣᠷᠣᠨ ᠪᠠᠶᠢᠵᠤ ᠂ ᠤᠰᠤ ᠭᠠᠷᠠᠮ ᠂ ᠠᠷᠠᠰᠤ ᠨᠣᠣᠰᠣ ᠲᠥᠪᠯᠡᠷᠡᠭᠦᠯᠦᠨ ᠲᠠᠷᠬᠠᠭᠠᠬᠤ ᠭᠠᠵᠠᠷ ᠠᠯᠳᠠᠷᠰᠢᠭᠰᠠᠨ ᠶᠤᠮ ᠣᠳᠣᠬᠠᠨ ᠳᠤ ᠂ ᠪᠤᠭᠤᠲᠤ ᠪᠣᠯ ᠡᠬᠡ ᠤᠯᠤᠰ ᠤᠮᠠᠷᠠᠲᠤ ᠬᠢᠯᠢ ᠶᠢᠨ ᠰᠢᠨ᠎ᠡ ᠪᠡᠷ ᠠᠵᠤ ᠦᠶᠯᠡᠳᠪᠦᠷᠢ ᠶᠢᠨ ᠰᠠᠭᠤᠷᠢᠨ ᠭᠠᠵᠠᠷ ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠲᠣᠮᠣ ᠠᠵᠤ ᠦᠶᠯᠡᠳᠪᠦᠷᠢ ᠶᠢᠨ ᠬᠤᠳᠠ ᠪᠠᠶᠢᠵᠤ ᠂ ᠲᠠᠯ᠎ᠠ ᠨᠤᠲᠤᠭ ᠤᠨ ᠪᠣᠯᠣᠳ ᠬᠣᠲᠠ ᠃ 1984 ᠣᠨ ᠳᠤ ᠲᠥᠷᠥ ᠶᠢᠨ ᠶᠠᠪᠤᠳᠠᠯ ᠤᠨ ᠬᠣᠷᠢᠶ᠎ᠠ ᠠᠴᠠ ᠲᠡᠭᠦᠨ ᠢ ᠨᠡᠯᠢᠶᠡᠳ ᠶᠡᠬᠡ ᠬᠣᠲᠠ ᠪᠠᠷ ᠲᠣᠭᠲᠠᠭᠠᠪᠠ ᠃
ᠪᠤᠭᠤᠲᠤ ᠬᠤᠳᠠ ᠥᠪᠡᠷᠲᠡᠭᠡᠨ ᠵᠠᠰᠠᠬᠤ ᠣᠷᠣᠨ ᠪᠠᠷᠠᠭᠤᠨ ᠬᠡᠰᠡᠭ ᠂ ᠲᠠᠩᠭᠢᠰ ᠠᠵᠤ ᠠᠬᠤᠢ ᠶᠢᠨ ᠣᠷᠣᠨ ᠪᠣᠯᠤᠨ ᠬᠠᠲᠤᠨ ᠭᠣᠣᠯ ᠤᠷᠤᠰᠬᠠᠯ ᠡᠬᠢ ᠪᠠᠶᠠᠯᠢᠭ ᠡᠯᠪᠡᠭ ᠬᠤᠷᠠᠭᠰᠠᠨ ᠣᠷᠣᠨ ᠠᠭᠤᠯᠵᠠᠷ ᠭᠠᠵᠠᠷ ᠲᠤ ᠂ ᠬᠣᠢᠲᠤ ᠮᠣᠩᠭᠣᠯ ᠤᠯᠤᠰ ᠲᠠᠶ ᠵᠠᠬ᠎ᠠ ᠨᠡᠶᠢᠯᠡᠵᠦ ᠂ ᠡᠮᠦᠨ᠎ᠡ ᠲᠠᠯ᠎ᠠ ᠬᠠᠲᠤᠨ ᠭᠣᠣᠯ ᠲᠠᠢ ᠬᠥᠷᠰᠢᠯᠡᠵᠦ ᠂ ᠵᠡᠭᠦᠨ ᠪᠠᠷᠠᠭᠤᠨ ᠲᠠᠯ᠎ᠠ ᠨᠢ ᠥᠩ ᠰᠢᠮᠡᠯᠢᠭ ᠲᠠᠯ᠎ᠠ ᠪᠣᠯᠤᠨ ᠶᠢᠨ ᠲᠠᠯ᠎ᠠ ᠭᠠᠵᠠᠷ ᠲᠠᠶ ᠵᠠᠯᠭᠠᠯᠳᠤᠵᠤ ᠂ ᠮᠤᠨᠢ ᠠᠭᠤᠯᠠ ᠨᠢᠷᠤᠭᠤ ᠳᠤᠮᠳᠠ ᠬᠡᠰᠡᠭ ᠢᠶᠡᠷ ᠬᠥᠨᠳᠡᠯᠡᠨ ᠨᠡᠪᠲᠡᠷᠡᠵᠦ ᠃ ᠪᠤᠭᠤᠲᠤ ᠶᠢᠨ ᠭᠠᠵᠠᠷ ᠵᠦᠢ ᠶᠢᠨ ᠪᠠᠶᠢᠷᠢᠰᠢᠯ ᠨᠢ ᠵᠡᠭᠦᠨ ᠤᠷᠲᠤᠷᠢᠭ 109 ° 50′ ~ 111 ° 25 ′᠂ ᠤᠮᠠᠷᠠᠲᠤ ᠥᠷᠭᠡᠷᠢᠭ ᠦᠨ 41 ° 20 ′~ 42 ° 40 ′᠂ ᠲᠠᠯᠠᠪᠠᠢ ᠨᠢ 27 768 ᠲᠡᠭᠰᠢ ᠳᠥᠷᠪᠡᠯᠵᠢᠨ ᠺᠢᠯᠣᠮᠧᠲ᠋ᠷ ᠃ ᠬᠣᠰᠢᠭᠤ ᠰᠢᠶᠠᠨ ᠲᠣᠭᠣᠷᠢᠭ 9 ᠂ ᠬᠣᠪᠣᠷ ᠰᠢᠷᠣᠶ ᠶᠢᠨ ᠰᠢᠨ᠎ᠡ ᠮᠡᠷᠭᠡᠵᠢᠯ ᠦᠨ ᠠᠵᠤ ᠦᠢᠯᠡᠰ ᠦᠨ ᠨᠡᠭᠡᠭᠡᠨ ᠬᠥᠭᠵᠢᠭᠦᠯᠬᠦ ᠲᠣᠭᠣᠷᠢᠭ 1 ᠪᠤᠢ ᠃ ᠪᠥᠬᠥ ᠬᠣᠲᠠ ᠶᠢᠨ ᠪᠠᠶᠢᠩᠭᠤ ᠰᠠᠭᠤᠭ᠎ᠠ ᠪᠥᠬᠥ ᠬᠥᠮᠥᠨ ᠠᠮᠠ 282.9 ᠲᠦᠮᠡ ᠪᠠᠶᠢᠵᠤ ᠂ ᠡᠭᠦᠨ ᠳᠦ ᠬᠣᠲᠠ ᠪᠠᠯᠭᠠᠰᠤᠨ ᠤ ᠬᠥᠮᠥᠨ ᠠᠮᠠ 233.9 ᠲᠦᠮᠡ ᠂ ᠬᠥᠳᠡᠭᠡ ᠲᠣᠰᠬᠣᠨ ᠤ ᠬᠥᠮᠥᠨ ᠠᠮᠠ 49 .0 ᠲᠦᠮᠡ ᠪᠤᠢ ᠃