ᠵᠤᠬᠢᠶᠠᠭᠴᠢ:
ᠴᠠᠭ:2019-05-06
ᠥᠵᠡᠭᠰᠡᠨ : ℃
ᠢᠷᠡᠯᠲᠡ:
ᠮᠣᠩᠭᠤᠯ ᠤᠨ ᠲᠣᠮᠤᠭᠳᠣ ᠬᠠᠳᠣᠳ
ᠴᠢᠩ ᠪᠢᠰᠢᠷᠡᠯᠳᠣ ᠲᠠᠶᠢᠬᠠᠯ ᠬᠠᠳᠣᠨ ᠡᠬᠡ
ᠡᠬᠡ ᠲᠠᠶᠢᠬᠠᠯ ᠬᠠᠳᠣᠨ ᠪᠤᠯ 17 ᠳ᠋ᠣᠭᠠᠷ ᠵᠠᠭᠤᠨ ᠤ ᠡᠬᠢᠨ ᠤ ᠵᠢᠯ ᠤᠳ ᠲᠤ ᠠᠯᠳᠠᠷ ᠮᠠᠨᠳᠣᠭᠰᠠᠨ ᠣᠶᠤᠳᠠᠨ ᠬᠠᠳᠣᠨ ᠪᠤᠯᠤᠨ᠎ᠠ᠃ ᠲᠡᠶᠢᠮᠤ ᠠᠴᠠ ᠮᠤᠩᠭᠤᠯ ᠤᠨ ᠲᠡᠤᠬᠡᠨ ᠳᠤ ᠲᠡᠭᠦᠨ ᠢ ᠴᠢᠩ ᠪᠢᠰᠢᠷᠡᠯᠳᠣ ᠲᠠᠶᠢᠬᠠᠯ ᠬᠠᠳᠣᠨ ᠡᠬᠡ ᠭᠡᠮᠡᠨ ᠬᠦ᠋ᠨᠳᠦᠳᠬᠡᠨ ᠲᠡᠮᠳᠡᠭᠯᠡᠭᠰᠡᠨ ᠪᠠᠶᠢᠳᠠᠭ᠃ ᠲᠠᠶᠢᠬᠠᠯ ᠬᠠᠳᠣᠨ ᠪᠤᠯ ᠲᠠᠶᠠᠨ ᠬᠠᠭᠠᠨ ᠤ ᠣᠳᠬᠤᠨ ᠬᠦᠤ ᠭᠡᠷᠰᠠᠨᠵᠢ ᠪᠠᠰᠠ ᠭᠡᠷᠰᠠᠨᠵᠢ ᠯᠠᠶᠢᠬᠤᠷ ᠭᠡᠳᠡᠭ ᠭᠤᠷᠪᠠᠳᠣᠭᠠᠷ ᠬᠦᠪᠡᠭᠦᠨ ᠣᠶᠢᠵᠢᠨ ᠨᠤᠶᠠᠨ ᠤ ᠬᠦᠤ ᠪᠠᠭ᠋ᠠᠷᠠᠢ ᠬᠤᠰᠢᠭᠤᠴᠢ ᠶᠢᠨ ᠬᠠᠳᠣᠨ ᠪᠤᠯᠤᠨ᠎ᠠ᠃ ᠲᠡᠷᠡ ᠬᠠᠷᠠᠬᠠᠨ ᠪᠠᠭ᠎ᠠ ᠠᠴᠠ ᠪᠠᠨ ᠴᠡᠴᠡᠨ ᠰᠡᠷᠭᠦᠯᠡᠩ᠂ ᠤᠢ ᠪᠢᠯᠢᠭ ᠴᠣᠭᠤᠷᠬᠠᠢ᠂ ᠪᠢᠴᠢᠭ ᠰᠣᠶᠤᠯ ᠳᠤ ᠰᠢᠮᠳᠠᠨ᠂ ᠮᠤᠩᠭᠤᠯ ᠲᠦᠪᠡᠳ ᠦᠰᠦᠭ ᠪᠢᠴᠢᠭ ᠲᠤ ᠣᠶᠤᠳᠠᠨ ᠡᠮᠡᠭᠳᠡᠢ ᠪᠤᠯᠤᠨ ᠠᠯᠳᠠᠷᠰᠢᠵᠡᠢ᠃
ᠴᠢᠩ ᠪᠢᠰᠢᠷᠡᠯᠳᠤ ᠲᠠᠶᠢᠬᠠᠯ ᠬᠠᠳᠣᠨ ᠪᠢᠴᠢᠭ ᠰᠣᠶᠤᠯ ᠳᠤ ᠨᠡᠪᠳᠡᠷᠡᠵᠤ᠂ ᠮᠤᠩᠭᠤᠯ ᠰᠣᠶᠤᠯ ᠤᠨ ᠭᠦᠭᠵᠢᠯᠳᠡ ᠳᠤ ᠪᠠᠯᠠᠷᠠᠰᠢ ᠦᠭᠡᠢ ᠵᠢᠳᠬᠦᠯ ᠦᠭᠭᠦᠭᠰᠡᠨ ᠢᠶᠠᠷ ᠪᠠᠷᠠᠬᠤ ᠦᠭᠡᠢ ᠬᠦᠪᠡᠭᠦᠨ ᠴᠣᠭᠳᠤ ᠴᠣᠭᠳᠣ ᠲᠠᠶᠢᠵᠢ ᠪᠠᠨ ᠪᠠᠯᠴᠢᠷ ᠪᠠᠭ᠎ᠠ ᠠᠴᠠ ᠨᠢ ᠪᠢᠴᠢᠭ ᠰᠣᠶᠤᠯ ᠢᠶᠠᠷ ᠭᠡᠶᠢᠭᠦᠯᠦᠨ ᠬᠦᠮᠦᠵᠢᠭᠦᠯᠵᠤ ᠪᠢᠯᠡ᠃ ᠬᠠᠳᠣᠨ ᠡᠬᠡ ᠶᠢᠨ ᠢᠶᠠᠨ ᠭᠡᠷᠡᠯᠳᠦᠭᠰᠡᠨ ᠣᠬᠠᠭᠠᠨ᠂ ᠬᠠᠳᠠᠭᠤ ᠬᠦᠮᠦᠵᠢᠯ ᠢ ᠲᠡᠭᠡᠳᠦᠯᠡᠨ᠂ ᠴᠣᠭᠳᠣ ᠲᠠᠶᠢᠵᠢ ᠪᠣᠰᠣᠳ ᠠᠴᠠ ᠴᠣᠯᠭᠤᠷᠠᠭᠰᠠᠨ ᠶᠡᠭᠡ ᠪᠢᠯᠢᠭ ᠠᠪᠢᠶᠠᠰ ᠲᠠᠢ ᠠᠯᠳᠠᠷᠳᠤ ᠢᠷᠠᠭᠤ ᠨᠠᠶᠢᠷᠠᠭᠴᠢ᠂ ᠲᠡᠤᠬᠡᠴᠢ ᠮᠦᠷᠳᠡᠭᠡᠨ ᠭᠠᠷᠮᠠᠭᠠᠢ ᠣᠯᠤᠰ ᠲᠦᠷᠦᠴᠢᠨ᠂ ᠡᠬᠡ ᠣᠷᠤᠨᠴᠢ ᠪᠠᠭᠠᠳᠣᠷ ᠪᠤᠯᠤᠭᠰᠠᠨ ᠶᠤᠮ᠃ ᠲᠠᠶᠢᠬᠠᠯ ᠬᠠᠳᠣᠨ ᠡᠬᠡ 1601ᠤᠨ ᠠᠴᠠ ᠡᠬᠢᠯᠡᠨ᠂ ᠬᠦᠤ ᠴᠣᠭᠳᠣ ᠲᠠᠢ ᠪᠠᠨ ᠲᠦᠪᠡᠳ ᠬᠡᠯᠡᠨ ᠠᠴᠠ ᠪᠤᠷᠬᠠᠨ ᠤ ᠨᠤᠮ ᠰᠣᠳᠣᠷ ᠢ ᠣᠷᠴᠢᠭᠤᠯᠬᠤ ᠶᠢᠨ ᠲᠠᠭᠠᠣ ᠣᠷᠠᠨ ᠵᠤᠬᠢᠶᠠᠯ᠂ ᠲᠡᠤᠬᠡ᠂ ᠬᠦᠨ ᠤᠬᠠᠭᠠᠨ᠂ ᠠᠨᠠᠭᠠᠬᠤ ᠣᠬᠠᠭᠠᠨ ᠵᠡᠷᠭᠡ ᠣᠯᠠᠨ ᠲ᠋ᠦ᠋ᠷᠦᠯ ᠤᠨ ᠨᠤᠮ ᠰᠣᠳᠣᠷ ᠢ ᠮᠤᠩᠭᠤᠯᠴᠢᠯᠠᠵᠤ᠂ ᠠᠷᠠᠳ ᠲᠦᠮᠡᠨ ᠢᠶᠠᠨ ᠭᠡᠭᠡᠷᠡᠭᠦᠯᠦᠨ᠂ ᠮᠤᠩᠭᠤᠯ ᠰᠣᠶᠤᠯ ᠤᠨ ᠭᠦ᠋ᠭᠵᠢᠯᠳᠡ ᠳᠤ ᠯᠤᠳᠤ ᠶᠡᠭᠡ ᠭᠠᠪᠢᠶ᠎ᠡ ᠵᠢᠳᠭᠦᠯ ᠦᠵᠡᠭᠦᠯᠦᠭᠰᠡᠨ ᠶᠤᠮ᠃ ᠡᠭᠦᠨ ᠤ ᠲᠠᠭᠠᠤ ᠲᠡᠷᠡ ᠪᠠᠰᠠ ᠬᠦᠪᠡᠭᠦᠨ ᠴᠣᠭᠳᠣ ᠲᠠᠶᠢᠵᠢ ᠲᠠᠢ ᠪᠠᠨ ᠪᠦᠬᠦᠯᠢ ᠠᠷᠪᠠᠨ ᠵᠢᠯ ᠤᠨ ᠴᠠᠭ ᠢ ᠵᠠᠷᠣᠴᠠᠭᠤᠯᠣᠨ᠂ ᠲᠣᠣᠯᠠ ᠶᠢᠨ ᠪᠠᠷᠠᠭᠤᠨ ᠳᠠᠬᠢ ᠵᠢᠷᠦᠬᠡᠨ ᠨᠡᠷᠡᠳᠤ ᠠᠭᠤᠯᠠ ᠶᠢᠨ ᠡᠩᠭᠡᠷ ᠵᠢᠷᠭᠤᠭᠠᠨ ᠰᠦᠮ᠎ᠡ ᠪᠠᠶᠢᠭᠤᠯᠵᠤ ᠪᠢᠯᠡ᠃ ᠡᠳᠡᠭᠡᠷ ᠰᠦᠮ᠎ᠡ ᠬᠡᠶᠢᠳ ᠨᠢ ᠮᠤᠩᠭᠤᠯ ᠨᠤᠳᠤᠭ ᠲᠤ ᠱᠠᠰᠢᠨ ᠲᠡᠯᠭᠡᠷᠡᠭᠦᠯᠬᠦ ᠶᠢᠨ ᠲᠠᠭᠠᠣ ᠮᠤᠩᠭᠤᠯ ᠰᠣᠶᠤᠯ ᠤᠨ ᠦᠯᠦᠭᠡᠢ ᠪᠤᠯᠵᠤ᠂ ᠦᠶ᠎ᠡ ᠦᠶ᠎ᠡ ᠶᠢᠨ ᠬᠦᠮᠦᠰ ᠢ ᠰᠣᠶᠤᠯᠵᠢᠭᠤᠯᠤᠨ ᠭᠡᠭᠡᠷᠡᠭᠦᠯᠵᠤ ᠪᠠᠶᠢᠪᠠ᠃ ᠡᠨᠡᠬᠦ ᠠᠯᠳᠠᠷ ᠬᠦᠨᠳᠣᠳᠡᠢ ᠰᠣᠶᠤᠯᠳᠣ ᠡᠬᠡ ᠪᠠᠨ ᠮᠦᠩᠬᠡ ᠲᠣᠷᠠᠰᠴᠣ ᠶᠠᠪᠣᠬᠤ ᠶᠢᠨ ᠲᠦᠯᠦᠭᠡ᠂ ᠮᠤᠩᠭᠤᠯ ᠤᠯᠤᠰ ᠤᠨ ᠠᠯᠳᠠᠷᠳᠣ ᠢᠷᠠᠭᠤ ᠨᠠᠶᠢᠷᠠᠭᠴᠢ ᠭᠡ᠊ •ᠢᠰᠢᠬᠦᠣ ᠴᠢᠩ ᠪᠢᠰᠢᠷᠡᠯᠳᠣ ᠲᠠᠶᠢᠬᠠᠯ ᠬᠠᠳᠣᠨ ᠡᠬᠡ ᠭᠡᠬᠦ ᠭᠠᠶᠢᠬᠠᠯᠳᠠᠢ ᠰᠢᠯᠦᠭ ᠢ ᠪᠦᠳᠦᠭᠡᠵᠤ᠂ ᠡᠨᠡᠬᠦ ᠨᠢᠭᠡᠨ ᠦᠶ᠎ᠡ ᠶᠢᠨ ᠰᠣᠣ ᠬᠠᠳᠣᠨ ᠡᠬᠡ ᠶᠢᠨ ᠠᠷᠢᠭᠤᠬᠠᠨ ᠵᠢᠳᠬᠦᠯ ᠲ᠋ᠦ᠋ᠩᠨᠡᠭᠰᠡᠨ ᠪᠠᠶᠢᠨ᠎ᠠ᠃
ᠡᠬᠡ ᠬᠤᠩ ᠲᠠᠶᠢᠵᠢ ᠶᠢᠨ ᠪᠢᠰᠢᠷᠡᠯᠳᠣ ᠲᠠᠶᠢᠬᠠᠯ ᠡᠬᠡ / ᠡᠷᠳᠡᠮ ᠤᠨ ᠲᠠᠯᠠᠢ ᠶᠢ ᠱᠦᠭᠦᠷᠳᠡᠭᠰᠡᠨ ᠣᠶᠤᠳᠠᠨ ᠮᠥᠨ ᠪᠤᠶᠤ ᠡᠳᠦᠭᠡ ᠮᠢᠨᠤ ᠰᠢᠯᠦᠭ ᠲᠠᠬᠢ ᠰᠣᠶᠤᠨ ᠭᠡᠭᠡᠷᠡᠭᠰᠡᠨ ᠲᠡᠭᠦᠨ ᠢ ᠡᠬᠡ ᠣᠷᠤᠨᠴᠢ ᠬᠦᠤ ᠲᠠᠢ ᠨᠢ ᠠᠭᠠᠷ ᠨᠢᠭᠡᠨ ᠦᠵᠡᠪᠡᠢ᠃ ᠮᠡᠳᠡᠭᠰᠡᠨ ᠡᠷᠳᠡᠮ ᠢᠶᠠᠨ ᠲᠦᠭᠡᠭᠡᠬᠦ ᠪᠠᠷ ᠴᠠᠭᠠᠨ ᠬᠠᠷᠰᠢ ᠪᠠᠶᠢᠭᠤᠯᠪᠠ / ᠮᠡᠷᠭᠡᠳ ᠰᠡᠴᠡᠳ ᠤᠨ ᠰᠣᠳᠣᠷ ᠤᠳ ᠢ ᠤᠨ ᠲ᠋ᠠᠷᠠᠭᠠᠯᠠᠵᠤ ᠣᠷᠴᠢᠭᠤᠯᠪᠠ / ᠰᠣᠶᠤᠯ ᠤᠨ ᠦᠷ᠎ᠡ ᠲᠠᠷᠢᠬᠤ ᠶᠢ ᠡᠬᠡ ᠬᠦᠤ ᠡᠷᠡᠮᠡᠯᠵᠡᠪᠡ / ᠰᠣᠯᠣᠩᠭᠠᠨ ᠣᠬᠠᠭᠠᠨ ᠨᠢᠭᠡᠨ ᠦᠶ᠎ᠡ ᠴᠡᠴᠡᠭᠯᠡᠪᠡ / ᠬᠠᠯᠬ᠎ᠠ ᠶᠢᠨ ᠪᠢᠰᠢᠷᠡᠯᠳᠣ ᠬᠠᠳᠣᠨ ᠤ ᠬᠦᠰᠡᠯ ᠢᠶᠠᠨ ᠪᠡᠶᠡᠯᠡᠪᠡ / ᠬᠠᠳᠣᠨ ᠲ᠋ᠣᠣᠯᠠ ᠶᠢᠨ ᠣᠷᠤᠰᠬᠠᠯ ᠰᠢᠭ᠋ ᠡᠬᠡ ᠶᠢᠨ ᠰᠡᠳᠬᠢᠯ ᠮᠡᠯᠳᠡᠯᠵᠡᠪᠡ / ᠬᠠᠩᠭᠠᠢ ᠬᠠᠨ ᠤ ᠠᠭᠤᠯᠠᠨ ᠳᠤ ᠣᠶᠠᠷᠠᠵᠤ ᠭᠠᠷᠣᠭᠰᠠᠨ ᠬᠤᠩ ᠲᠠᠶᠢᠵᠢ / ᠬᠠᠯᠠᠭᠤᠳᠤ ᠡᠭᠡᠴᠢ ᠪᠠᠨ ᠰᠠᠨᠠᠭᠠᠯᠵᠠᠨ ᠣᠶᠠᠩᠭ᠎ᠠ ᠶᠢᠨ ᠰᠢᠯᠦᠭ ᠲᠠᠳᠠᠯᠠᠪᠠ / ᠲᠠᠳᠡᠨ ᠤ ᠬᠦᠰᠡᠯ ᠤᠨ ᠰᠠᠯᠬᠢ ᠠᠷᠴᠢᠪᠠ / ᠪᠢᠴᠢᠭ ᠤᠨ ᠪᠦᠳᠦᠭᠡᠯ ᠨᠤᠮ ᠢ ᠨᠢ ᠣᠯᠠᠭᠠᠨ ᠲᠦᠢᠮᠡᠷ ᠢᠳᠡᠪᠡ / ᠪᠢᠷ ᠶᠠᠨᠲᠠᠢ ᠶᠠᠭᠤ ᠶᠢ ᠨᠢ ᠰᠢᠷ᠎ᠠ ᠶᠢᠨ ᠱᠠᠰᠢᠨ ᠬᠤᠭᠤᠴᠢᠪᠠ / ᠪᠡᠭᠡ ᠪᠠᠷ ᠴᠦ ᠲᠣᠳᠠᠭᠠ ᠦᠭᠡᠢ ᠲᠡᠳᠡ ᠴᠠᠭᠠᠨ ᠴᠠᠭᠠᠰᠣ ᠴᠦ ᠦᠭᠡᠢ ᠦᠯᠡᠳᠡᠪᠡ / ᠴᠢᠩ ᠤᠨ ᠬᠠᠭᠠᠳ ᠤᠳ ᠮᠣᠩᠭᠤᠯ ᠢ ᠬᠠᠭᠠᠯᠤᠨ ᠪᠣᠳᠠᠯᠠᠵᠤ ᠡᠬᠢᠯᠡᠪᠡ / ᠴᠢᠩᠭᠢᠰ ᠤᠨ ᠣᠭᠰᠠᠭᠠᠳᠣ ᠨᠤᠶᠠᠳ ᠰᠠᠯᠤᠨ ᠪᠣᠳᠠᠷᠠᠵᠤᠣᠷᠪᠠᠪᠠ / ᠲᠡᠭᠰᠢ ᠪᠣᠳᠤᠯᠭ᠎ᠠ ᠪᠠᠨ ᠠᠯᠳᠠᠭᠰᠠᠨ ᠳᠤ ᠲᠦᠷᠦ ᠣᠯᠤᠰ ᠬᠢᠮᠤᠷᠠᠪᠠ / ᠴᠢᠩ ᠲᠠᠶᠢᠬᠠᠯ ᠬᠠᠳᠣᠭᠳᠠᠨ ᠤ ᠰᠡᠳᠬᠢᠯ ᠰᠠᠨᠠᠭ᠎ᠠ ᠦᠢᠮᠤᠷᠡᠪᠡ / ᠬᠠᠯᠬ᠎ᠠ ᠶᠢᠨ ᠲᠤᠮᠤ ᠨᠤᠶᠠᠳ ᠰᠢᠷ᠎ᠠ ᠶᠢᠨ ᠱᠠᠰᠢᠨ ᠳᠤ ᠣᠷᠤᠯᠳᠣᠪᠠ / ᠬᠠᠷᠢ ᠶᠢᠨ ᠪᠣᠳᠤᠯᠭ᠎ᠠ ᠬᠡᠷᠡᠭᠵᠢᠵᠤ ᠠᠶᠣᠯ ᠵᠠᠨᠤᠯ ᠦᠩᠭᠡᠯᠵᠡᠪᠡ / ᠠᠷᠪᠠᠨ ᠲᠤᠯᠤᠳᠠᠬᠢ ᠵᠠᠭᠤᠨ ᠳᠤ ᠰᠢᠷ᠎ᠠ ᠣᠯᠠᠭᠠᠨ ᠮᠦᠷᠭᠦᠯᠳᠦᠪᠡ / ᠠᠮᠣᠷ ᠵᠠᠶᠠᠭ᠎ᠠ ᠦᠵᠡᠭᠦᠯᠬᠦ ᠬᠠᠭᠠᠳ ᠨᠤᠶᠠᠳ ᠰᠦᠷᠭᠡᠭᠦᠯᠳᠦᠪᠡ / ᠠᠷᠣ ᠬᠠᠯᠬ᠎ᠠ ᠶᠢᠨ ᠴᠣᠭᠳᠣ ᠲᠠᠶᠢᠵᠢ ᠴᠠᠰᠣᠳᠣ ᠲᠦᠪᠡᠳ ᠢ ᠵᠣᠷᠢᠪᠡ / ᠠᠬᠠᠶᠢᠳᠠᠨ ᠪᠢᠰᠢᠷᠡᠯᠳᠣ ᠬᠠᠳᠣᠨ ᠲᠠᠶᠢᠬᠠᠯ ᠤᠨ ᠠᠮᠢᠳᠣᠷᠠᠯ ᠲᠡᠮᠡᠴᠡᠯ ᠲᠡᠭᠦᠰᠪᠡ ᠬᠡᠮᠡᠪᠡ᠃
ᠠᠪᠠᠢ ᠬᠠᠳᠣᠨ
ᠠᠪᠠᠢ ᠬᠠᠳᠣᠨ ᠪᠤᠯ ᠲᠦᠷᠪᠡᠨ ᠦᠢᠷᠠᠳ ᠤᠨ ᠲᠡᠤᠬᠡᠨ ᠳᠤ ᠠᠯᠳᠠᠷᠳᠠᠢ ᠰᠣᠣ ᠡᠮᠡᠭᠳᠡᠢ ᠶᠤᠮ᠃ ᠲᠡᠷᠡ ᠪᠠᠷ ᠦᠢᠷᠠᠳᠴᠣᠳ ᠤᠨ ᠣᠮᠤᠭᠰᠢᠯ ᠪᠠᠭ᠋ᠠᠷᠬᠠᠯ ᠢ ᠲᠠᠳᠠᠭᠰᠠᠨ ᠲᠠᠪᠣᠨ ᠪᠠᠷᠰ ᠭᠡᠮᠡᠭᠳᠡᠭᠰᠡᠨ ᠲᠠᠪᠣᠨ ᠬᠡᠤᠬᠡᠳ ᠢᠶᠠᠨ ᠲᠦᠷᠦᠭᠦᠯᠦᠨ ᠦᠰᠭᠡᠭᠰᠡᠨ ᠮᠦᠷᠳᠡᠭᠡᠨ ᠦᠢᠷᠠᠳ ᠡᠷᠡᠴᠣᠳ ᠤᠨ ᠬᠠᠳᠠᠭᠤ ᠰᠢᠨᠳᠠᠰᠣ᠂ ᠠᠷᠭ᠎ᠠ ᠪᠣᠳᠣᠯᠭ᠎ᠠ᠂ ᠭᠠᠷᠮᠠᠭᠠᠢ ᠵᠤᠷᠢᠭ ᠰᠦᠯᠳᠡ ᠪᠠᠷ ᠬᠡᠤᠬᠡᠳ ᠢᠶᠠᠨ ᠬᠦᠮᠦᠵᠢᠭᠦᠯᠦᠭᠰᠡᠨ ᠪᠠᠭᠠᠳᠣᠷ ᠡᠬᠡ ᠶᠤᠮ᠃ ᠠᠪᠠᠢ ᠬᠠᠳᠣᠨ ᠬᠡᠤᠬᠡᠳ ᠢᠶᠠᠨ ᠦᠭᠡᠯᠡᠢ ᠶᠡᠭᠡ ᠪᠤᠯᠳᠠᠯ᠎ᠠ ᠬᠤᠱᠣᠳ ᠠᠶᠢᠮᠠᠭ ᠢ ᠵᠠᠰᠠᠭᠯᠠᠨ ᠶᠠᠪᠤᠵᠤ᠂ ᠬᠤᠱᠤᠳ ᠠᠶᠢᠮᠠᠭ ᠤᠨ ᠬᠦᠴᠦᠷᠬᠡᠭᠵᠢᠨ ᠮᠠᠨᠳᠣᠬᠤ ᠳᠤ ᠰᠠᠭᠤᠷᠢ ᠲᠠᠯᠪᠢᠵᠤ ᠦᠭᠭᠦᠭᠰᠡᠨ ᠪᠦ᠋ᠭᠡᠳ ᠬᠤᠱᠣᠳᠴᠣᠳ ᠤᠨ ᠲᠦᠷᠪᠡᠨ ᠦᠢᠷᠠᠳ ᠤᠨ ᠴᠢᠭᠤᠯᠭᠠᠨ ᠠᠪᠤᠬᠤ ᠪᠠᠶᠢᠷᠢ ᠰᠠᠭᠤᠷᠢ ᠶᠢ ᠪᠠᠳᠣᠯᠠᠭᠰᠠᠨ ᠶᠤᠮ᠃ ᠠᠪᠠᠢ ᠬᠠᠳᠤᠨ ᠪᠤᠯ ᠴᠣᠷᠣᠰ ᠠᠶᠢᠮᠠᠭ ᠤᠨ ᠰᠣᠷᠪᠤᠯᠵᠢᠳᠣ ᠭᠡᠷ ᠤᠨ ᠦᠬᠢᠨ ᠃ ᠲᠡᠷᠡ ᠬᠠᠨᠢ ᠨᠤᠶᠠᠨ ᠤ ᠭᠤᠤᠯ ᠬᠠᠳᠣᠨ ᠪᠠᠶᠢᠪᠠ᠃