ᠵᠤᠬᠢᠶᠠᠭᠴᠢ:
ᠴᠠᠭ:2019-04-05
ᠥᠵᠡᠭᠰᠡᠨ : ℃
ᠢᠷᠡᠯᠲᠡ:
ᠴᠢᠩᠬᠢᠰ ᠤᠨ ᠤᠩᠭᠤᠨ ᠤ ᠳᠠᠶᠢᠯᠭ᠎ᠠ ᠶᠢᠨ ᠶᠤᠰᠤᠯᠠᠯ ᠵᠢᠷᠤᠮ ᠵᠢᠴᠢ ᠰᠤᠶᠤᠯ ᠤᠨ ᠴᠢᠳᠠᠪᠬᠢ ᠶᠢᠨ ᠰᠤᠳᠤᠯᠤᠯ
ᠦᠪᠦᠷ ᠮᠤᠩᠭᠤᠯ ᠤᠨ ᠨᠡᠶᠢᠬᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠦᠨ ᠤᠬᠠᠭᠠᠨ ᠱᠠᠰᠢᠨ ᠰᠤᠷᠳᠠᠬᠤᠨ ᠰᠤᠳᠤᠯᠬᠤ ᠭᠠᠵᠠᠷ ᠤᠨ ᠳᠠᠷᠤᠭ᠎ᠠ ᠲ∙ᠡᠷᠳᠡᠨᠢᠳᠤᠭᠳᠤᠬᠤ ᠶᠢᠨ ᠭᠤᠤᠯᠯᠠᠨ ᠨᠠᠶᠢᠷᠠᠭᠤᠯᠤᠭᠰᠠᠨ ᠴᠢᠩᠬᠢᠰ ᠤᠨ ᠤᠩᠭᠤᠨ ᠤ ᠳᠠᠶᠢᠯᠭ᠎ᠠ ᠶᠢᠨ ᠶᠤᠰᠤᠯᠠᠯ ᠵᠢᠷᠤᠮ ᠵᠢᠴᠢ ᠰᠤᠶᠤᠯ ᠤᠨ ᠴᠢᠳᠠᠪᠬᠢ ᠶᠢᠨ ᠰᠤᠳᠤᠯᠤᠯ ᠬᠡᠬᠦ ᠨᠤᠮ 2018 ᠤᠨ ᠤ11 ᠰᠠᠷ᠎ᠠ ᠳᠤ᠂ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠳᠤᠯᠤᠳᠤᠭᠠᠷ ᠬᠤᠭᠤᠴᠠᠭᠠᠨ ᠤ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠰᠢᠯᠢᠳᠡᠭ ᠪᠦᠳᠦᠬᠡᠯ᠂ ᠵᠠᠰᠠᠭ ᠤᠨ ᠤᠷᠳᠤᠨ ᠤ ᠨᠢᠬᠡᠳᠦᠬᠡᠷ ᠳᠡᠰ ᠤᠨ ᠱᠠᠩᠨᠠᠯ ᠬᠦᠷᠳᠡᠵᠡᠢ᠃
ᠳᠤᠰ ᠪᠦᠳᠦᠬᠡᠯ 2011 ᠤᠨ ᠤ ᠤᠯᠤᠰ ᠤᠨ ᠬᠦᠨ ᠤᠬᠠᠭᠠᠨ ᠨᠡᠶᠢᠬᠡᠮ ᠤᠨ ᠰᠢᠨᠵᠢᠯᠡᠬᠦ ᠤᠬᠠᠭᠠᠨ ᠤ ᠰᠠᠭᠤᠷᠢ ᠮᠦᠩᠬᠦᠨ ᠤ ᠳᠡᠳᠬᠦᠮᠵᠢ ᠶᠢᠨ ᠰᠤᠳᠤᠯᠭᠠᠨ ᠤ ᠰᠡᠳᠦᠪ ᠢᠶᠡᠷ ᠵᠦᠪᠰᠢᠶᠡᠷᠡᠭᠳᠡᠵᠤ᠂ 2015 ᠤᠨ ᠤ 12 ᠰᠠᠷ᠎ᠠ ᠳᠤ ᠬᠡᠪᠯᠡᠯ ᠳᠤ ᠳᠤᠰᠢᠶᠠᠨ᠂ ᠬᠤᠶᠠᠷ ᠵᠢᠯ ᠤᠨ ᠬᠢᠨᠢ ᠳᠠᠷᠠᠭ᠎ᠠ ᠳᠠᠷᠤᠢ 2017 ᠤᠨ ᠤ 7 ᠰᠠᠷ᠎ᠠ ᠳᠤ ᠠᠩᠬ᠎ᠠ ᠬᠡᠪᠯᠡᠭᠳᠡᠭᠰᠡᠨ ᠪᠠᠶᠢᠨ᠎ᠠ᠃
ᠳᠤᠰ ᠨᠤᠮ ᠭᠤᠤᠯᠳᠠᠭᠤ ᠮᠤᠩᠭᠤᠯ ᠤᠨ ᠡᠷᠳᠡᠨ ᠤ ᠳᠡᠤᠬᠡ ᠶᠢᠨ ᠰᠤᠷᠪᠤᠯᠵᠢ ᠪᠢᠴᠢᠭ᠌ ᠲᠤ ᠰᠠᠭᠤᠷᠢᠯᠠᠨ ᠬᠡᠬᠡᠷ᠎ᠡ ᠶᠢᠨ ᠪᠠᠶᠢᠴᠠᠭᠠᠯᠳᠠ ᠶᠢᠨ ᠪᠢᠴᠢᠭ᠌ ᠮᠠᠲ᠋ᠧᠷᠢᠶᠠᠯ ᠢ ᠳᠤᠬᠢᠳᠠᠢ ᠠᠰᠢᠭᠯᠠᠵᠤ᠂ ᠰᠠᠭᠤᠷᠢ ᠰᠤᠳᠤᠯᠭᠠᠨ ᠪᠠ ᠬᠡᠷᠡᠭᠯᠡᠬᠡᠨ ᠤ ᠰᠤᠳᠤᠯᠭᠠᠨ ᠢ ᠬᠠᠷᠢᠯᠴᠠᠨ ᠬᠠᠪᠰᠤᠷᠭᠠᠵᠤ᠂ ᠨᠡᠶᠢᠬᠡᠮ ᠤᠨ ᠰᠢᠨᠵᠢᠯᠡᠬᠦ ᠤᠬᠠᠭᠠᠨ ᠤ ᠰᠠᠯᠠᠭ᠎ᠠ ᠠᠯᠤᠰᠯᠠᠭᠰᠠᠨ ᠰᠤᠳᠤᠯᠭᠠᠨ ᠤ ᠵᠤᠭᠰᠤᠴᠠ ᠡᠴᠡ ᠮᠤᠩᠭᠤᠯ ᠦᠨᠳᠦᠰᠦᠳᠡᠨ ᠤ ᠤᠯᠠᠮᠵᠢᠯᠠᠯᠳᠤ ᠳᠠᠶᠢᠯᠭ᠎ᠠ ᠶᠢᠨ ᠰᠤᠶᠤᠯ ᠪᠤᠯᠤᠨ ᠮᠤᠩᠭᠤᠯᠴᠤᠳ ᠤᠨ ᠪᠦᠬᠡ ᠮᠦᠷᠬᠦᠯ ᠤᠨ ᠰᠢᠳᠦᠯᠬᠡ ᠪᠢᠰᠢᠷᠡᠯ ᠤᠨ ᠳᠤᠬᠠᠢ ᠵᠠᠳᠠᠯᠤᠨ ᠰᠢᠨᠵᠢᠯᠡᠬᠦ ᠪᠡᠷ ᠳᠠᠮᠵᠢᠵᠤ᠂ ᠴᠢᠩᠬᠢᠰ ᠬᠠᠭᠠᠨ ᠤ ᠳᠠᠶᠢᠯᠭ᠎ᠠ ᠶᠢᠨ ᠰᠤᠶᠤᠯ ᠤᠨ ᠴᠢᠳᠠᠪᠬᠢ ᠪᠠ ᠤᠳᠤ ᠦᠶ᠎ᠡ ᠶᠢᠨ ᠰᠤᠶᠤᠯ ᠤᠨ ᠦᠨ᠎ᠡ ᠦᠷᠳᠡᠭ ᠢ ᠢᠯᠡᠷᠡᠬᠦᠯᠦᠨ ᠳᠤᠳᠤᠷᠬᠠᠶᠢᠯᠠᠭᠰᠠᠨ ᠪᠠᠶᠢᠨ᠎ᠠ᠃
ᠨᠤᠮ ᠳ᠋ᠦ ᠴᠢᠩᠬᠢᠰ ᠤᠨ ᠳᠠᠶᠢᠯᠭ᠎ᠠ ᠶᠢᠨ ᠳᠡᠤᠬᠡᠨ ᠶᠠᠪᠤᠴᠠ ᠡᠴᠡ ᠡᠬᠢᠯᠡᠨ ᠳᠡᠮᠳᠡᠭᠯᠡᠵᠤ᠂ ᠦᠬᠡᠳᠡᠢ ᠬᠠᠭᠠᠨ ᠤ ᠦᠶ᠎ᠡ ᠶᠢᠨ ᠳᠠᠶᠢᠯᠭ᠎ᠠ ᠶᠢᠨ ᠶᠤᠰᠤᠯᠠᠯ ᠠᠩᠬ᠎ᠠ ᠡᠬᠢᠯᠡᠵᠤ ᠶᠠᠪᠤᠭᠳᠠᠭᠰᠠᠨ ᠡᠴᠡ ᠬᠤᠪᠢᠯᠠᠢ ᠰᠡᠴᠡᠨ ᠬᠠᠭᠠᠨ ᠤ ᠦᠶ᠎ᠡ ᠶᠢᠨ ᠳᠦᠷᠪᠡᠨ ᠴᠠᠭ ᠤᠨ ᠳᠠᠶᠢᠯᠭ᠎ᠠ ᠪᠤᠯᠵᠤ᠂ ᠳᠠᠪᠢᠭ ᠶᠤᠰᠤᠯᠠᠯ ᠤᠨ ᠶᠡᠬᠡ ᠶᠠᠮᠤᠳᠠᠳ ᠢ ᠨᠡᠷᠡᠯᠡᠨ ᠳᠠᠶᠢᠯᠭ᠎ᠠ ᠶᠢᠨ ᠡᠯᠳᠡᠪ ᠨᠠᠷᠢᠨ ᠶᠤᠰᠤᠯᠠᠯ ᠬᠠᠤᠯᠢ ᠳᠤᠭᠳᠠᠭᠠᠯ ᠢ ᠪᠤᠢ ᠪᠤᠯᠭᠠᠵᠤ᠂ ᠤᠳᠤ ᠪᠤᠯᠳᠠᠯ᠎ᠠ ᠤᠯᠠᠮᠵᠢᠯᠠᠨ ᠳᠡᠬᠦᠯᠳᠡᠷᠵᠢᠬᠡᠳ᠂ ᠴᠢᠩᠬᠢᠰ ᠤᠨ ᠤᠩᠭᠤᠨ ᠳᠠᠶᠢᠯᠭ᠎ᠠ ᠶᠢᠨ ᠶᠤᠰᠤᠯᠠᠯ ᠵᠢᠷᠤᠮ ᠤᠨ ᠳᠤᠭᠳᠠᠯᠴᠠᠭ᠎ᠠ᠂ ᠰᠤᠶᠤᠯ ᠤᠨ ᠠᠴᠢᠶᠠᠯᠠᠪᠤᠷᠢ ᠶᠢᠨ ᠳᠤᠭᠳᠠᠯᠴᠠᠭ᠎ᠠ᠂ ᠰᠢᠳᠦᠯᠬᠡ ᠪᠢᠰᠢᠷᠡᠯ ᠤᠨ ᠳᠤᠭᠳᠠᠯᠴᠠᠭ᠎ᠠ᠂ ᠡᠵᠡᠩᠨᠡᠨ ᠬᠠᠮᠢᠶᠠᠷᠤᠯᠳᠠ ᠶᠢᠨ ᠳᠤᠭᠳᠠᠯᠴᠠᠭ᠎ᠠ᠂ ᠤᠳᠬ᠎ᠠ ᠤᠴᠢᠷ ᠤᠨ ᠳᠤᠭᠳᠠᠯᠴᠠᠭ᠎ᠠ᠂ ᠰᠤᠶᠤᠯ ᠤᠨ ᠴᠢᠳᠠᠪᠤᠷᠢ ᠶᠢᠨ ᠳᠤᠭᠳᠠᠯᠴᠠᠭ᠎ᠠ ᠶᠢ ᠪᠦᠷᠢᠯᠳᠦᠬᠦᠯᠵᠤ᠂ ᠨᠢᠬᠡᠨ ᠪᠡᠶ᠎ᠡ ᠪᠡᠨ ᠳᠠᠭᠠᠭᠠᠭᠰᠠᠨ ᠡᠵᠡᠨ ᠪᠤᠭᠳᠠ ᠶᠢᠨ ᠤᠩᠭᠤᠨ ᠳᠠᠶᠢᠯᠭ᠎ᠠ ᠶᠢᠨ ᠰᠢᠰᠲ᠋ᠧᠮ ᠤᠨ ᠳᠤᠭᠳᠠᠯᠴᠠᠭ᠎ᠠ ᠪᠤᠢ ᠪᠤᠯᠤᠭᠰᠠᠨ ᠶᠠᠪᠤᠴᠠ ᠶᠢ ᠨᠠᠷᠢᠨ ᠳᠠᠨᠢᠯᠴᠠᠭᠤᠯᠵᠤ᠂ ᠴᠢᠩᠬᠢᠰ ᠤᠨ ᠳᠠᠶᠢᠯᠭ᠎ᠠ ᠶᠢᠨ ᠰᠤᠶᠤᠯ ᠤᠨ ᠦᠨᠳᠦᠰᠦᠨ ᠴᠢᠳᠠᠪᠬᠢ ᠪᠠ ᠴᠢᠩᠬᠢᠰ ᠤᠨ ᠳᠠᠶᠢᠯᠭ᠎ᠠ ᠶᠢᠨ ᠤᠳᠤ ᠦᠶ᠎ᠡ ᠶᠢᠨ ᠦᠨ᠎ᠡ ᠦᠷᠳᠡᠭ ᠢ ᠦᠨᠡᠨ ᠬᠦ ᠢᠯᠡᠷᠡᠬᠦᠯᠦᠨ ᠳᠤᠳᠤᠷᠬᠠᠶᠢᠯᠠᠭᠰᠠᠨ ᠪᠠᠶᠢᠨ᠎ᠠ᠃