ᠵᠤᠬᠢᠶᠠᠭᠴᠢ:
ᠴᠠᠭ:2019-03-27
ᠥᠵᠡᠭᠰᠡᠨ : ℃
ᠢᠷᠡᠯᠲᠡ:
ᠮᠣᠩᠭᠤᠯ ᠬᠡᠯᠡ ᠪᠢᠴᠢᠭ ᠤᠨ ᠵᠣᠬᠢᠶᠠᠮᠠᠯ ᠣᠶᠤᠨᠯᠢᠭ ᠤᠨ ᠮᠡᠷᠭᠡᠵᠢᠯ
᠂ ᠳᠤᠮᠳᠠᠳᠤ ᠤᠯᠤᠰ ᠤᠨ ᠦᠨᠳᠦᠰᠦᠲᠡᠨ ᠤ ᠬᠡᠯᠡ ᠪᠢᠴᠢᠭ ᠤᠨ ᠣᠷᠴᠢᠭᠤᠯᠭ᠎ᠠ ᠶᠢᠨ ᠲᠥᠪ ᠲᠣᠪᠴᠢᠶ᠎ᠠ ᠨᠢ ᠥᠪᠥᠷ ᠮᠣᠩᠭᠤᠯ ᠤᠨ ᠮᠥᠩᠬᠡᠭᠠᠯ ᠮᠣᠩᠭᠤᠯ ᠰᠣᠶᠣᠯ ᠤᠨ ᠬᠤᠪᠢ ᠣᠷᠤᠭᠤᠯᠤᠯᠲᠠ ᠶᠢᠨ ᠬᠢᠵᠠᠭᠠᠷᠲᠤ ᠺᠣᠮᠫᠠᠨᠢ ᠲᠠᠢ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠲᠣᠭᠲᠠᠬᠤ ᠶᠣᠰᠣᠯᠠᠯ ᠶᠠᠪᠤᠭᠤᠯᠵᠤ᠂ ᠮᠣᠩᠭᠤᠯ ᠬᠡᠯᠡ ᠪᠢᠴᠢᠭ ᠤᠨ ᠵᠣᠬᠢᠶᠠᠮᠠᠯ ᠣᠶᠤᠨᠯᠢᠭ ᠤᠨ ᠮᠡᠷᠭᠡᠵᠢᠯ ᠤᠨ ᠬᠠᠮᠲᠤᠷᠠᠯᠴᠠᠭ᠎ᠠ ᠵᠢᠴᠢ ᠦᠢᠯᠡᠳᠬᠦᠨ ᠢ ᠰᠤᠳᠤᠯᠤᠨ ᠨᠡᠬᠡᠬᠡᠵᠦ ᠳᠡᠯᠭᠡᠷᠡᠭᠦᠯᠬᠦ ᠲᠠᠯ᠎ᠠ ᠪᠠᠷ ᠰᠤᠳᠤᠯᠤᠨ ᠶᠠᠷᠢᠯᠴᠠᠪᠠ᠃
ᠮᠣᠩᠭᠤᠯ ᠬᠡᠯᠡ ᠪᠢᠴᠢᠭ ᠬᠢᠭᠡᠳ ᠵᠣᠬᠢᠶᠠᠮᠠᠯ ᠣᠶᠤᠨᠯᠢᠭ ᠶᠢᠨ ᠵᠣᠯᠭᠠᠯᠲᠠ ᠨᠢ᠂ ᠮᠣᠩᠭᠤᠯ ᠬᠡᠯᠡ ᠪᠢᠴᠢᠭ ᠤᠨ ᠰᠤᠷᠭᠠᠨ ᠬᠥᠮᠦᠵᠢᠯ᠂ ᠴᠠᠭ ᠠᠭᠤᠷ᠂ ᠵᠠᠮ ᠬᠠᠷᠢᠯᠴᠠᠭ᠎ᠠ ᠵᠡᠷᠭᠡ ᠤᠯᠠᠨ ᠬᠦᠷᠢᠶᠡᠨ ᠤ ᠬᠡᠷᠡᠭᠯᠡᠯᠲᠡ ᠳᠤ ᠬᠦᠴᠦᠨ ᠨᠡᠮᠡᠷᠢᠯᠡᠭᠰᠡᠨ ᠢᠶᠠᠷ ᠪᠠᠷᠠᠬᠤ ᠦᠭᠡᠢ᠂ ᠴᠥᠭᠡᠨ ᠲᠣᠭᠠᠲᠤ ᠦᠨᠳᠦᠰᠦᠲᠡᠨ ᠤ ᠬᠡᠷᠡᠭᠯᠡᠭᠴᠢᠳ ᠲᠤ ᠨᠡᠩ ᠴᠢᠨᠠᠷ ᠰᠠᠶᠢᠲᠠᠶ᠂ ᠥᠨᠳᠥᠷ ᠪᠦᠲᠦᠮᠵᠢᠲᠡᠢ᠂ ᠳᠥᠭᠦᠮ ᠳᠥᠲᠡ ᠦᠢᠯᠡᠴᠢᠯᠡᠭᠡᠨ ᠬᠠᠩᠭᠠᠵᠤ ᠴᠢᠳᠠᠬᠤ ᠪᠠᠷ ᠦᠯᠦ ᠪᠠᠷᠠᠮ᠂ ᠮᠣᠩᠭᠤᠯ ᠰᠣᠶᠣᠯ ᠤᠨ ᠬᠥᠭᠵᠢᠯᠲᠡ ᠳᠤ ᠲᠦᠢᠯ ᠤᠨ ᠴᠢᠬᠤᠯᠠ ᠬᠠᠮᠠᠭᠠᠯᠠᠨ ᠵᠠᠯᠭᠠᠮᠵᠢᠯᠠᠬᠤ ᠦᠢᠯᠡᠳᠦᠯ ᠲᠠᠢ ᠪᠠᠶᠢᠵᠤ᠂ ᠦᠨᠳᠦᠰᠦᠲᠡᠨ ᠤ ᠬᠡᠯᠡ ᠪᠢᠴᠢᠭ ᠤᠨ ᠮᠡᠳᠡᠭᠡ ᠵᠠᠩᠭᠢᠵᠢᠯᠲᠠ ᠶᠢᠨ ᠠᠵᠢᠯ ᠦᠢᠯᠡᠰ ᠤᠨ ᠦᠷᠭᠦᠯᠵᠢᠯᠡᠬᠦᠶᠢᠴᠡ ᠬᠥᠭᠵᠢᠯᠲᠡ ᠶᠢ ᠠᠬᠢᠭᠤᠯᠬᠤ ᠶᠢᠨ ᠬᠠᠮᠲᠤ᠂ ᠮᠣᠩᠭᠤᠯ ᠰᠣᠶᠣᠯ ᠤᠨ ᠳᠡᠯᠡᠬᠡᠶᠢᠴᠢᠯᠡᠯᠲᠡ ᠳᠤ ᠨᠡᠩ ᠰᠠᠶᠢᠨ ᠬᠦᠴᠦᠨ ᠨᠡᠮᠡᠷᠢᠯᠡᠬᠦ ᠪᠣᠯᠤᠨ᠎ᠠ᠃