ᠵᠤᠬᠢᠶᠠᠭᠴᠢ:
ᠴᠠᠭ:2018-12-27
ᠥᠵᠡᠭᠰᠡᠨ : ℃
ᠢᠷᠡᠯᠲᠡ:
《 ᠬᠦᠲᠡᠭᠡ ᠰᠢᠯᠢ 》 ᠤᠯᠠᠨ ᠠᠩᠭᠢᠲᠤ ᠺᠢᠨᠤ᠋ ᠶᠢ ᠬᠢᠲᠠᠳ ᠬᠡᠯᠡ ᠪᠡᠷ ᠨᠡᠪᠲᠡᠷᠡᠭᠦᠯᠦᠭᠰᠡᠨ ᠪᠠᠶᠢᠨ᠎ᠠ
ᠦᠭᠡᠷᠡᠴᠢᠯᠡᠯᠲᠡ ᠨᠡᠬᠡᠬᠡᠯᠲᠡ ᠬᠢᠭᠰᠡᠨ 40 ᠵᠢᠯ ᠤᠨ ᠲᠤᠷᠰᠢᠬᠢ ᠦᠪᠦᠷ ᠮᠤᠩᠭᠤᠯ ᠤᠨ ᠬᠦᠲᠡᠭᠡ ᠨᠤᠲᠤᠭ ᠤᠨ ᠬᠦᠭ᠍ᠵᠢᠯᠲᠠ ᠬᠤᠪᠢᠷᠠᠯᠲᠠ ᠶᠢ ᠦᠵᠡᠬᠦᠯᠦᠭᠰᠡᠨ ᠮᠤᠩᠭᠤᠯ ᠦᠨᠳᠦᠰᠦᠲᠡᠨ ᠤ ᠠᠯᠳᠠᠷᠲᠤ ᠲᠤᠭᠯᠠᠭᠴᠢ᠂ ᠤᠲᠤᠷᠢᠲᠤᠭᠠᠴᠢ ᠪᠠᠶᠠᠡᠶᠢᠷᠦᠭᠡᠯ ᠤᠨ ᠤᠳᠤᠷᠢᠳᠤᠭᠠᠴᠢᠯᠠᠭᠰᠠᠨ ᠤᠯᠠᠨ ᠠᠩᠭᠢᠲᠤ ᠺᠢᠨᠤ᠋ 《 ᠬᠦᠲᠡᠭᠡ ᠰᠢᠯᠢ 》 2018 ᠣᠨ ᠤ 12 ᠳ᠋ᠤᠭᠠᠷ ᠰᠠᠷ᠎ᠠ ᠶᠢᠨ 26 ᠤᠷᠤᠢ ᠡᠴᠡ ᠡᠬᠢᠯᠡᠨ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶᠠᠨ ᠤ ᠬᠢᠲᠠᠳ ᠤᠲᠤᠨ ᠲᠧᠯᠸᠢᠰ ᠤᠨ ᠰᠢᠵᠢᠷ ᠠᠯᠲᠠᠨ ᠴᠠᠭ ᠲᠤ ᠨᠡᠪᠲᠡᠷᠡᠭᠦᠯᠦᠭᠰᠡᠨ ᠪᠠᠶᠢᠨ᠎ᠠ᠃
ᠤᠭ ᠺᠢᠨᠤ᠋ ᠮᠣᠩᠭᠤᠯ ᠬᠡᠯᠡᠨ ᠤ ᠪᠠᠶᠢᠵᠤ᠂ 2017 ᠤᠨ ᠳ᠋ᠤ ᠦᠪᠦᠷ ᠮᠤᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠤᠶᠤᠯ ᠰᠢᠨᠵᠢᠯᠡᠭᠡ ᠰᠤᠪᠠᠭ ᠶᠢᠡᠷ ᠠᠩᠬ᠎ᠠ ᠨᠡᠪᠲᠡᠷᠡᠬᠦᠯᠦᠭᠰᠡᠨ ᠤ ᠲᠠᠷᠠᠭ᠎ᠠ ᠨᠡᠢᠭᠡᠮ ᠤᠨ ᠡᠯ᠎ᠡ ᠡᠲᠡᠭᠡᠳ ᠤᠨ ᠬᠢᠨ ᠤ ᠬᠠᠯᠠᠭᠤᠨ ᠬᠦᠷᠢᠶᠡᠯᠡᠯ ᠢ ᠤᠯᠵᠤ᠂ ᠦᠵᠡᠭᠴᠢᠳ ᠤᠨ ᠦᠨᠳᠦᠷ ᠦᠨᠡᠯᠡᠯᠲᠡ ᠶᠢ ᠬᠦᠷᠲᠡᠭᠰᠡᠨ ᠪᠠᠢᠨ᠎ᠠ᠃ ᠬᠠᠮᠢᠶ᠎ᠠ ᠪᠦᠬᠦᠢ ᠬᠢᠨ ᠤ ᠵᠦᠪᠰᠢᠶᠡᠷᠡᠯ ᠶᠢᠡᠷ ᠤᠢᠷ᠎ᠠ ᠶᠢᠨ ᠬᠤᠭᠤᠴᠠᠭᠠᠨ ᠳ᠋ᠤ ᠲᠤᠰ ᠤᠯᠠᠨ ᠠᠩᠭᠢᠲᠤ ᠺᠢᠨᠤ᠋ ᠶᠢ ᠬᠢᠲᠠᠳ ᠬᠡᠯᠨ ᠪᠠᠷ ᠤᠷᠴᠢᠭᠤᠯᠤᠨ ᠦᠢᠯᠡᠳᠴᠦ᠂ ᠬᠢᠨᠠᠵᠤ ᠳᠠᠭᠤᠰᠤᠭᠠᠳ 26 ᠤᠷᠤᠢ ᠡᠴᠡ ᠡᠬᠢᠯᠡᠨ ᠬᠢᠲᠠᠳ ᠬᠡᠯᠡ ᠪᠡᠷ ᠨᠡᠪᠲᠡᠷᠡᠭᠦᠯᠦᠭᠰᠡᠨ ᠪᠠᠶᠢᠨ᠎ᠠ᠃
ᠤᠯᠠᠨ ᠠᠩᠭᠢᠲᠤ ᠺᠢᠨᠤ᠋ 《 ᠬᠦᠲᠡᠭᠡ ᠰᠢᠯᠢ 》 ᠨᠢ ᠦᠪᠦᠷ ᠮᠤᠩᠭᠤᠯ ᠤᠨ ᠷᠠᠳᠢᠣ᠋ ᠲᠧᠯᠧᠶ᠋ᠰ ᠬᠤᠷᠢᠶᠠᠨ ᠡᠴᠡ ᠵᠤᠬᠢᠶᠠᠨ ᠪᠦᠲᠦᠭᠡᠵᠦ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠤᠬᠠᠭᠤᠯᠬᠤ ᠬᠡᠯᠲᠡᠰ ᠠᠴᠠ ᠦᠪᠡᠷᠲᠡᠭᠡᠨ ᠵᠠᠰᠠᠬᠤ ᠤᠷᠤᠨ ᠪᠠᠢᠭᠤᠯᠤᠭᠲᠠᠭᠰᠠᠨ 70 ᠵᠢᠯ ᠤᠨ ᠤᠢ ᠳ᠋ᠤ ᠲᠡᠪᠰᠢᠬᠦᠯᠦᠭᠰᠡᠨ ᠭᠤᠤᠯᠲᠠᠯᠭ᠎ᠠ ᠲᠠᠢ ᠲᠦᠰᠦᠯ ᠪᠤᠯᠬᠤ ᠪᠦᠭᠡᠳ ᠦᠪᠦᠷ ᠮᠤᠩᠭᠤᠯ ᠤᠨ ᠬᠦᠲᠡᠬᠡ ᠤᠷᠤᠨ ᠨᠤᠲᠤᠭ ᠤᠨ ᠬᠦᠭᠵᠢᠯᠲᠠ ᠬᠤᠪᠢᠷᠠᠯᠲᠠ᠂ ᠮᠠᠯᠴᠢᠳ ᠤᠨ ᠠᠮᠢᠳᠤᠷᠠᠯ ᠢ ᠲᠤᠰᠬᠠᠬᠰᠠᠨ ᠠᠩᠬᠠᠨ ᠤ ᠤᠯᠠᠨ ᠠᠩᠬᠢᠲᠤ ᠺᠢᠨᠤ᠋ ᠪᠤᠯᠬᠤ ᠶᠤᠮ᠃