ᠵᠤᠬᠢᠶᠠᠭᠴᠢ:
ᠴᠠᠭ:2018-12-26
ᠥᠵᠡᠭᠰᠡᠨ : ℃
ᠢᠷᠡᠯᠲᠡ:
ᠮᠣᠩᠭᠣᠯ ᠰᠣᠳᠣᠯᠣᠯ ᠤᠨ ᠨᠡᠪᠲᠡᠷᠬᠡᠢ ᠲᠣᠯᠢ
ᠮᠣᠩᠭᠣᠯ ᠰᠣᠳᠣᠯᠣᠯ ᠤᠨ ᠨᠡᠪᠲᠡᠷᠬᠡᠢ ᠲᠣᠯᠢ ᠪᠣᠯ ᠮᠣᠩᠭᠣᠯ ᠰᠣᠳᠣᠯᠣᠯ ᠤᠨ ᠣᠯᠠᠨ ᠰᠣᠳᠣᠯᠭᠠᠨ ᠤ ᠰᠠᠯᠪᠤᠷᠢ ᠮᠡᠳᠡᠯᠭᠡ ᠶᠢᠨ ᠬᠦᠮᠦᠷᠭᠡ ᠪᠣᠯᠬᠤ ᠪᠦᠭᠡᠳ ᠡᠷᠲᠡ ᠡᠳᠦᠭᠡ ᠳᠣᠲᠣᠭᠠᠳᠤ ᠭᠠᠳᠠᠭᠠᠳᠤ ᠶᠢᠨ ᠮᠣᠩᠭᠣᠯ ᠰᠣᠳᠣᠯᠣᠯ ᠤᠨ ᠦᠨᠳᠦᠰᠦᠨ ᠣᠨᠣᠯ ᠂ ᠦᠨᠳᠦᠰᠦᠨ ᠤᠬᠠᠭᠳᠠᠬᠤᠨ ᠂ ᠦᠨᠳᠦᠰᠦᠨ ᠮᠡᠳᠡᠯᠭᠡ ᠶᠢᠨ ᠶᠡᠷᠦᠩᠬᠡᠶᠢᠯᠡᠭᠰᠡᠨ ᠴᠢᠨᠠᠷ ᠲᠠᠢ ᠬᠡᠷᠡᠭᠯᠡᠭᠦᠷ ᠪᠢᠴᠢᠭ ᠪᠣᠯᠣᠨ᠎ᠠ ᠃
1998 ᠣᠨ ᠳᠤ ᠰᠢᠨᠵᠢᠶᠠᠩ ᠤᠨ ᠣᠶᠢᠭᠤᠷ ᠤᠨ ᠥᠪᠡᠷᠲᠡᠭᠡᠨ ᠵᠠᠰᠠᠬᠤ ᠣᠷᠣᠨ ᠤ ᠲᠥᠪ ᠦᠷᠦᠮᠴᠢ ᠳᠦ ᠪᠤᠯᠤᠭᠰᠠᠨ ᠥᠪᠥᠷ ᠮᠣᠩᠭᠣᠯ ᠂ ᠬᠠᠷᠠᠮᠦ᠋ᠷᠡᠨ ᠂ ᠭᠢᠷᠢᠨ ᠂ ᠯᠢᠶᠣᠣᠨᠢᠩ ᠂ ᠬᠦᠬᠡᠨᠠᠭᠤᠷ ᠂ ᠭᠠᠨᠰᠤ ᠂ ᠾᠧᠪᠧᠢ ᠵᠡᠷᠭᠡ ᠨᠠᠢᠮᠠᠨ ᠮᠤᠵᠢ ᠣᠷᠣᠨ ᠤ ᠮᠣᠩᠭᠣᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠬᠤᠷᠠᠯ ᠳᠡᠭᠡᠷ᠎ᠡ ᠣᠷᠣᠯᠴᠠᠭᠰᠠᠨ ᠡᠷᠳᠡᠮᠲᠡᠳ ᠮᠣᠩᠭᠣᠯ ᠰᠣᠳᠣᠯᠣᠯ ᠤᠨ ᠨᠡᠪᠲᠡᠷᠬᠡᠢ ᠲᠣᠯᠢ ᠨᠠᠶᠢᠷᠠᠭᠤᠯᠤᠨ ᠲᠤᠭᠤᠷᠪᠢᠵᠤ ᠬᠡᠪᠯᠡᠭᠦᠯᠬᠦ ᠲᠤᠬᠠᠢ ᠰᠠᠨᠠᠯ ᠱᠠᠭᠠᠷᠳᠠᠯᠭ᠎ᠠ ᠪᠠᠨ ᠵᠢᠩᠭᠢᠨᠢ ᠪᠡᠷ ᠳᠤᠷᠠᠳᠪᠠ ᠃ 1997 ᠣᠨ ᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 50 ᠵᠢᠯ ᠦᠨ ᠣᠢ ᠶᠢ ᠪᠡᠯᠭᠡᠯᠡᠬᠦ ᠳᠠᠯᠢᠮ ᠢᠶᠠᠷ ᠲᠤᠬᠠᠢ ᠶᠢᠨ ᠦᠶ᠎ᠡ ᠳᠦ ᠪᠦᠬᠦ ᠤᠯᠤᠰ ᠤᠨ ᠤᠯᠤᠰ ᠲᠦᠷᠥ ᠶᠢᠨ ᠵᠦᠪᠯᠡᠯᠭᠡᠨ ᠦ ᠪᠠᠶᠢᠩᠭᠤ ᠶᠢᠨ ᠭᠡᠰᠢᠭᠦᠨ ᠂ ᠣᠣᠯ ᠤᠨ ᠨᠠᠢᠮᠠᠨ ᠮᠤᠵᠢ ᠣᠷᠣᠨ ᠤ ᠮᠣᠩᠭᠣᠯ ᠬᠡᠯᠡ ᠪᠢᠴᠢᠭ ᠦᠨ ᠠᠵᠢᠯ ᠤᠨ ᠬᠠᠮᠵᠢᠯᠴᠠᠬᠤ ᠳᠤᠭᠤᠶᠢᠯᠠᠩ ᠤᠨ ᠳᠠᠷᠤᠭ᠎ᠠ ᠪᠠᠶᠢᠭᠰᠠᠨ ᠪᠠᠲᠤᠪᠠᠭᠠᠨ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠡᠷᠲᠡᠭᠡᠨ ᠵᠠᠰᠠᠬᠤ ᠣᠷᠣᠨ ᠤ ᠤᠬᠠᠭᠤᠯᠬᠤ ᠬᠡᠯᠲᠡᠰ ᠪᠠ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠳᠤ ᠮᠣᠩᠭᠣᠯ ᠰᠣᠳᠣᠯᠣᠯ ᠤᠨ ᠨᠡᠪᠲᠡᠷᠬᠡᠢ ᠲᠣᠯᠢ ᠶᠢ ᠨᠠᠶᠢᠷᠠᠭᠤᠯᠤᠨ ᠲᠤᠭᠤᠷᠪᠢᠵᠤ ᠬᠡᠪᠯᠡᠭᠦᠯᠬᠦ ᠲᠤᠬᠠᠢ ᠰᠠᠨᠠᠭᠤᠯᠭ᠎ᠠ ᠪᠣᠯᠣᠨ ᠪᠤᠳᠠᠳᠤ ᠰᠠᠨᠠᠯ ᠢᠶᠠᠨ ᠳᠤᠷᠠᠳᠤᠨ ᠭᠠᠷᠭᠠᠪᠠ ᠃
1998 ᠣᠨ ᠤ 4 ᠳ᠋ᠤᠭᠡᠷ ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠬᠣᠷᠢᠶ᠎ᠠ ᠮᠣᠩᠭᠣᠯ ᠰᠣᠳᠣᠯᠣᠯ ᠤᠨ ᠨᠡᠪᠲᠡᠷᠬᠡᠢ ᠲᠣᠯᠢ ᠲᠤᠭᠤᠷᠪᠢᠵᠤ ᠬᠡᠪᠯᠡᠭᠦᠯᠬᠦ ᠶᠢ ᠵᠦᠪᠰᠢᠶᠡᠷᠡᠪᠡ ᠃ ᠪᠦᠬᠦ ᠲᠣᠯᠢ ᠶᠢ 1998 ᠣᠨ ᠤ 4 ᠳ᠋ᠤᠭᠡᠷ ᠰᠠᠷ᠎ᠠ ᠳᠤ ᠥᠪᠥᠷ ᠮᠣᠩᠭᠣᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶ᠎ᠠ ᠶᠢᠨ ᠪᠢᠴᠢᠭ ᠮᠠᠲ᠋ᠧᠷᠢᠶᠠᠯ ᠪᠠᠭᠤᠯᠭᠠᠭᠰᠠᠨ ᠲᠡᠷᠡ ᠴᠠᠭ ᠠᠴᠠ ᠡᠬᠢᠯᠡᠨ ᠨᠠᠶᠢᠷᠠᠭᠤᠯᠤᠨ ᠲᠤᠭᠤᠷᠪᠢᠵᠤ ᠬᠡᠪᠯᠡᠭᠦᠯᠦᠭᠰᠡᠨ ᠪᠠᠶᠢᠨ᠎ᠠ ᠃
ᠮᠣᠩᠭᠣᠯ ᠰᠣᠳᠣᠯᠣᠯ ᠤᠨ ᠨᠡᠪᠲᠡᠷᠬᠡᠢ ᠲᠣᠯᠢ ᠨᠠᠶᠢᠷᠠᠭᠤᠯᠤᠨ ᠲᠤᠭᠤᠷᠪᠢᠬᠤ ᠳᠤ ᠪᠠᠨ ᠲᠤᠰ ᠪᠢᠴᠢᠭ ᠦᠨ ᠣᠨᠴᠠᠯᠢᠭ ᠬᠢᠭᠡᠳ ᠣᠳᠣᠬᠠᠨ ᠤ ᠰᠣᠳᠣᠯᠭᠠᠨ ᠤ ᠪᠤᠳᠠᠳᠤ ᠪᠠᠶᠢᠳᠠᠯ ᠠᠴᠠ ᠡᠭᠦᠰᠴᠦ ᠠᠩᠬᠠᠳᠠᠭᠴᠢ ᠬᠡᠪ ᠢ ᠰᠣᠳᠣᠯᠭᠠᠨ ᠤ ᠰᠠᠯᠪᠤᠷᠢ ᠠᠭᠤᠯᠭ᠎ᠠ ᠪᠠᠷ ᠪᠤᠳᠢ ᠬᠤᠪᠢᠶᠠᠨ ᠬᠡᠪᠯᠡᠭᠦᠯᠪᠡ ᠃ ᠨᠡᠶᠢᠲᠡ ᠬᠣᠷᠢᠨ ᠪᠤᠳᠢ ᠲᠠᠢ ᠂ ᠲᠤᠬᠠᠶᠢᠯᠠᠪᠠᠯ ᠄ ᠡᠷᠲᠡᠨ ᠦ ᠲᠡᠦᠭᠡ ᠂ ᠣᠷᠴᠢᠨ ᠣᠳᠣ ᠦᠶ᠎ᠡ ᠶᠢᠨ ᠲᠡᠦᠭᠡ ᠂ ᠦᠭᠡ ᠬᠡᠯᠡ ᠦᠰᠦᠭ ᠪᠢᠴᠢᠭ ᠂ ᠤᠳᠬ᠎ᠠ ᠵᠣᠬᠢᠶᠠᠯ ᠂ ᠭᠦᠨ ᠤᠬᠠᠭᠠᠨ ᠨᠡᠶᠢᠭᠡᠮ ᠦᠨ ᠦᠵᠡᠯ ᠰᠠᠨᠠᠭᠠᠨ ᠤ ᠲᠡᠦᠭᠡ ᠂ ᠰᠢᠨᠵᠢᠯᠡᠬᠦ ᠤᠬᠠᠭᠠᠨ ᠮᠡᠷᠭᠡᠵᠢᠯ ᠂ ᠰᠤᠷᠭᠠᠨ ᠬᠦᠮᠦᠵᠢᠯ ᠂ ᠠᠵᠤ ᠠᠬᠤᠢ ᠂ ᠠᠨᠠᠭᠠᠬᠤ ᠤᠬᠠᠭᠠᠨ ᠂ ᠱᠠᠰᠢᠨ ᠰᠤᠷᠲᠠᠬᠤᠨ ᠂ ᠴᠡᠷᠢᠭ ᠦᠨ ᠶᠠᠪᠤᠳᠠᠯ ᠂ ᠲᠡᠦᠭᠡ ᠰᠣᠶᠣᠯ ᠤᠨ ᠳᠤᠷᠠᠰᠬᠠᠯᠲᠤ ᠵᠦᠢᠯᠡᠰ ᠪᠠ ᠬᠠᠭᠤᠴᠢ ᠰᠣᠳᠣᠯᠣᠯ ᠂ ᠰᠣᠷᠪᠤᠯᠵᠢ ᠪᠢᠴᠢᠭ ᠂ ᠬᠠᠤᠯᠢ ᠶᠢᠨ ᠤᠬᠠᠭᠠᠨ ᠂ ᠰᠣᠨᠢᠨ ᠮᠡᠳᠡᠭᠡ ᠬᠡᠪᠯᠡᠯ ᠂ ᠭᠠᠵᠠᠷ ᠵᠦᠢ ᠂ ᠵᠠᠩ ᠠᠭᠠᠯᠢ ᠂ ᠤᠷᠠᠯᠢᠭ ᠂ ᠪᠡᠶ᠎ᠡ ᠶᠢᠨ ᠲᠠᠮᠢᠷ ᠂ ᠣᠯᠠᠨ ᠤᠯᠤᠰ ᠤᠨ ᠮᠣᠩᠭᠣᠯ ᠰᠣᠳᠣᠯᠣᠯ ᠤᠨ ᠪᠤᠳᠢ ᠭᠡᠬᠦ ᠮᠡᠲᠦ ᠪᠣᠯᠣᠨ᠎ᠠ ᠃ ᠪᠤᠳᠢ ᠪᠦᠷᠢ ᠶᠢᠨ ᠨᠢᠭᠤᠷ ᠤᠨ ᠬᠠᠭᠤᠳᠠᠰᠤ ᠶᠢ ᠬᠢᠲᠠᠳ ᠦᠰᠦᠭ ᠢᠶᠡᠷ ᠪᠤᠳᠤᠵᠤ ᠂ ᠶᠡᠷᠦᠩᠬᠡᠢ ᠳᠦ ᠪᠡᠨ 100 ~120 ᠲᠦᠮᠡᠨ ᠦᠰᠦᠭ ᠵᠢᠷᠤᠭ ᠂ ᠬᠡᠯᠬᠢᠶᠡᠰᠦ ᠪᠠᠭᠲᠠᠨ᠎ᠠ ᠬᠢᠵᠠᠭᠠᠷᠯᠠᠪᠠ ᠃