ᠵᠤᠬᠢᠶᠠᠭᠴᠢ:
ᠴᠠᠭ:2018-10-29
ᠥᠵᠡᠭᠰᠡᠨ : ℃
ᠢᠷᠡᠯᠲᠡ:
ᠰᠤᠳᠤᠨ ᠪᠦᠳᠦᠭᠡᠯ ᠢ ᠲᠠᠨᠢᠯᠴᠠᠭᠤᠯᠤᠨ ᠨᠡᠶᠢᠳᠡᠯᠡᠭᠦ ᠬᠤᠷᠠᠯ ᠬᠦᠬᠡᠬᠤᠳᠠ ᠳ᠋ᠥ
2018 10 ᠰᠠᠷ᠎ᠠ ᠵᠢᠨ 29 ᠡᠳᠦᠷ ᠂ ᠦᠪᠦᠷ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠡᠴᠡ ᠭᠤᠤᠯᠯᠠᠨ ᠡᠷᠬᠢᠯᠡᠵᠦ᠂ ᠦᠪᠦᠷ ᠤᠨ ᠤᠨ ᠡᠴᠡ ᠵᠤᠬᠢᠶᠠᠨ ᠪᠠᠶᠢᠭᠤᠯᠤᠭᠰᠠᠨ ᠦᠪᠤᠷ ᠮᠤᠡᠭᠭᠤᠯ ᠤᠨ ᠲᠠᠯ᠎ᠠ ᠨᠤᠳᠤᠭ ᠤᠨ ᠤᠳᠬ᠎ᠠ ᠤᠷᠠᠯᠢᠭ ᠤᠨ ᠰᠤᠳᠤᠨ ᠪᠦᠳᠦᠭᠡᠯ ᠤᠨ ᠢᠨᠵᠸᠨ᠋ᠸᠷᠢᠡᠭ ᠤᠨ ᠲᠠᠭᠤᠤᠷᠢᠯᠢᠬ ᠤᠨ ᠲᠦᠷᠦᠯ ᠵᠦᠢᠯ ᠤᠨ ᠪᠦᠳᠦᠭᠡᠯ ᠢ ᠲᠠᠨᠢᠯᠴᠠᠭᠤᠯᠤᠨ ᠨᠡᠶᠢᠳᠡᠯᠡᠭᠦ ᠬᠤᠷᠠᠯ ᠭᠦᠬᠡᠬᠤᠳᠠ ᠳ᠋ᠥ ᠠᠮᠵᠢᠯᠳᠠᠳᠠᠢ ᠃
ᠭᠤᠷᠪᠠᠳᠠᠭᠢ ᠵᠢᠯ ᠵᠤᠬᠢᠶᠠᠨ ᠪᠠᠶᠢᠭᠤᠯᠤᠬᠳᠠᠵᠦ ᠪᠠᠶᠢᠭ᠎ᠠ ᠲᠤᠰ ᠬᠤᠷᠠᠯ ᠨᠢ ᠪᠦᠭᠦ ᠤᠷᠤᠨ ᠤ ᠦᠨᠳᠦᠰᠦᠨ ᠱᠠᠳᠤᠨ ᠡᠴᠠ ᠡᠯᠰᠡᠭᠰᠡᠨ 53 ᠲᠠᠭᠤᠤᠷᠢᠯᠢᠬ ᠤᠨ ᠪᠦᠳᠦᠭᠡᠯ ᠡᠴᠠ 9 ᠪᠦᠳᠦᠭᠡᠯ ᠢ ᠬᠢᠨᠠᠨ ᠰᠢᠯᠭᠠᠷᠠᠭᠤᠯᠵᠦ᠂ ᠠᠬᠤᠢ ᠲᠠᠯᠠᠪᠠᠢ ᠳ᠋ᠥ ᠤᠨᠴᠠ ᠤᠷᠢᠬᠰᠠᠨ ᠤᠨ ᠤᠷᠠᠨ ᠂ ᠡᠷᠳᠡᠮᠳᠡᠨ ᠂ ᠬᠠᠮᠳᠤᠷᠠᠨ ᠠᠵᠢᠯᠯᠠᠬᠤ ᠤᠨ ᠬᠢᠨ ᠳ᠋ᠥ ᠬᠠᠨᠳᠤᠭᠤᠯᠵᠦ᠂ ᠰᠤᠳᠤᠨ ᠪᠦᠳᠦᠭᠡᠯ ᠢ ᠲᠠᠨᠢᠯᠴᠠᠭᠤᠯᠤᠨ ᠨᠡᠶᠢᠳᠡᠯᠡᠭᠦ ᠠᠵᠢᠯᠯᠠᠭ᠎ᠠ ᠵᠢ ᠶᠠᠪᠤᠬᠳᠠᠭᠤᠯᠤᠭᠰᠠᠨ ᠪᠠᠶᠢᠨ᠎ᠠ᠃
ᠡᠨᠡ ᠭᠦ ᠠᠵᠢᠯᠯᠠᠭ᠎ᠠ ᠨᠢ ᠲᠦᠷᠦᠯ ᠵᠦᠢᠯ ᠵᠢᠡᠷ ᠠᠴᠢᠶᠠᠯᠠᠭᠴᠢ ᠪᠤᠯᠭᠠᠨ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠪᠡᠷ ᠤᠳᠤᠷᠢᠳᠤᠮᠵᠢ ᠪᠤᠯᠭᠠᠵᠦ᠂ ᠦᠨᠳᠦᠷ ᠬᠢᠷᠢ ᠤᠨ ᠰᠤᠳᠤᠨ ᠪᠦᠳᠦᠭᠡᠯ ᠢ ᠲᠤᠭᠤᠷᠪᠢᠵᠦ᠂ ᠤᠷᠠᠯᠢᠭ ᠤᠨ ᠰᠢᠯᠢᠳᠡᠭ ᠴᠢᠳᠠᠪᠤᠷᠢᠳᠠᠨ ᠢ ᠭᠦᠮᠦᠵᠢᠭᠦᠯᠭᠦ ᠪᠡᠷ ᠭᠤᠤᠯ ᠬᠠᠷᠠᠯᠳᠠ ᠪᠤᠯᠭᠠᠵᠠᠢ ᠃
ᠬᠤᠷᠠᠯ ᠳ᠋ᠥ ᠲᠠᠨᠢᠯᠴᠠᠭᠤᠯᠤᠭᠰᠠᠨ ᠵᠤᠬᠢᠶᠠᠯ ᠪᠦᠳᠦᠭᠡᠯ ᠨᠢ ᠴᠠᠭ ᠦᠶ᠎ᠡ ᠵᠢᠨ ᠭᠤᠤᠯ ᠰᠡᠳᠦᠪ ᠢᠯᠡ ᠲᠤᠳᠤ᠂ ᠦᠭᠡᠷᠡᠴᠢᠯᠡᠯᠳᠡ ᠨᠡᠭᠡᠭᠡᠯᠳᠡ ᠵᠢᠨ 40 ᠵᠢᠯ ᠤᠨ ᠠᠮᠵᠢᠯᠳᠠ ᠪᠦᠳᠦᠮᠵᠢ ᠵᠢ ᠮᠠᠬᠳᠠᠨ ᠲᠠᠭᠤᠯᠠᠵᠦ᠂ ᠨᠡᠶᠢᠭᠡᠮ ᠵᠢᠷᠤᠮ ᠤᠨ ᠭᠤᠤᠯᠯᠠᠬᠤ ᠦᠷᠳᠡᠭ ᠤᠨ ᠦᠵᠡᠯᠳᠡ ᠵᠢ ᠦᠢᠯᠡᠳᠦᠯᠭᠡᠵᠢᠭᠦᠯᠵᠦ᠂ ᠶᠡᠷᠦᠩᠬᠡᠢ ᠱᠦᠵᠢ ᠰᠢ ᠵᠢᠨ ᠫᠢᠡᠭ ᠤᠨ ᠬᠠᠷᠢᠭᠤ ᠵᠠᠬᠢᠳᠠᠯ ᠤᠨ ᠵᠤᠷᠢᠭ ᠰᠠᠨᠠᠭ᠎ᠠ ᠪᠡᠷ ᠵᠢᠯᠤᠭᠤᠳᠤᠯᠭ᠎ᠠ ᠪᠤᠯᠭᠠᠨ᠂ ᠦᠯᠢᠭᠡᠷ ᠦᠢᠯᠡ ᠶᠠᠪᠤᠳᠠᠯ ᠨᠢ ᠰᠡᠳᠭᠢᠯ ᠭᠦᠳᠡᠯᠭᠡᠮ᠎ᠡ᠂ ᠨᠦᠯᠦᠭᠡᠯᠡᠭᠦ ᠭᠦᠴᠦᠨ ᠵᠢᠡᠷ ᠴᠢᠡᠭᠭ᠎ᠠ ᠲᠠᠭᠤᠤᠷᠢᠯᠢᠬ ᠤᠨ ᠪᠦᠳᠦᠭᠡᠯ ᠪᠤᠯᠤᠬᠰᠠᠨ ᠭᠡᠵᠦ ᠲᠤᠰᠬᠠᠢ ᠡᠴᠠ ᠦᠨᠡᠯᠡᠵᠡᠢ᠃ ᠪᠠᠰᠠ ᠤᠯᠠᠭᠠᠠᠮᠦ᠋ᠴᠢᠷ ᠤᠨ ᠵᠤᠷᠢᠭ ᠰᠠᠨᠠᠭ᠎ᠠ ᠂ ᠮᠦᠩᠬᠡ ᠬᠢᠯᠠᠯᠵᠠᠬᠤ ᠤᠳᠤᠳ ᠤᠨ ᠱᠠᠰᠳᠢᠷ ᠂ ᠢᠳᠡᠭᠡᠯ ᠭᠡᠭᠡᠯᠡᠭᠰᠡᠨ ᠬᠠᠤᠯᠢ ᠵᠡᠷᠭᠡ ᠪᠦᠳᠦᠭᠡᠯ ᠤᠨ ᠵᠤᠬᠢᠶᠠᠬᠴᠢᠳ ᠡᠴᠠ ᠬᠢᠨ ᠲᠠᠢ ᠬᠠᠮᠳᠤᠷᠠᠨ ᠠᠵᠢᠯᠯᠠᠬᠤ ᠰᠠᠨᠠᠮᠵᠢ ᠵᠢᠨ ᠭᠠᠷ ᠤᠨ ᠦᠰᠦᠭ ᠵᠢᠷᠤᠭᠰᠠᠨ ᠪᠠᠶᠢᠨ᠎ᠠ᠃