ᠵᠤᠬᠢᠶᠠᠭᠴᠢ:
ᠴᠠᠭ:2018-01-19
ᠥᠵᠡᠭᠰᠡᠨ : ℃
ᠢᠷᠡᠯᠲᠡ:
ᠦᠨᠳᠦᠰᠦᠳᠡᠨ ᠤ ᠬᠤᠪᠴᠠᠰᠦ ᠵᠠᠰᠠᠯ ᠪᠤᠯᠤᠨ ᠬᠠᠳᠬᠤᠮᠠᠯ ᠤᠨ ᠪᠤᠯᠪᠠᠰᠤᠷᠠᠯ ᠤᠨ ᠠᠩᠬᠢ ᠵᠢᠴᠢ ᠤᠷᠠᠨ ᠪᠦᠳᠦᠭᠡᠯ ᠤᠨ ᠤᠷᠤᠯᠳᠤᠭᠠᠨ ᠪᠤᠯᠪᠠ
2018 ᠤᠨ ᠤ 1 ᠰᠠᠷ᠎ᠠ 16 18 ᠤ ᠡᠳᠦᠷ ᠂ ᠦᠪᠦᠷ ᠮᠤᠩ᠋ᠭᠤᠯ ᠤᠨ ᠵᠠᠷᠤᠳ ᠬᠤᠰᠢᠭᠤᠨ ᠤ ᠦᠨᠳᠦᠰᠦᠳᠡᠨ ᠱᠠᠰᠢᠨ ᠰᠤᠷᠳᠠᠬᠤᠨ ᠤ ᠬᠡᠷᠡᠭ ᠡᠷᠬᠢᠯᠡᠬᠦ ᠲᠤᠪᠴᠢᠶ᠎ᠠ ᠪᠤᠯᠤᠨ ᠡᠮᠡᠭᠳᠡᠶᠢᠴᠤᠳ ᠤᠨ ᠬᠤᠯᠪᠤᠭᠠᠳᠦ ᠬᠤᠷᠠᠯ ᠡᠴᠠ ᠬᠠᠮᠳᠤᠷᠠᠨ ᠵᠤᠬᠢᠶᠠᠨ ᠪᠠᠶᠢᠭᠤᠯᠤᠭᠰᠠᠨ ᠮᠤᠩ᠋ᠭᠤᠯ ᠦᠨᠳᠦᠰᠦᠳᠡᠨ ᠤ ᠬᠤᠪᠴᠠᠰᠦ ᠵᠠᠰᠠᠯ ᠪᠤᠯᠤᠨ ᠬᠠᠳᠬᠤᠮᠠᠯ ᠤᠨ ᠪᠤᠯᠪᠠᠰᠤᠷᠠᠯ ᠤᠨ ᠠᠩᠬᠢ ᠵᠢᠴᠢ ᠤᠷᠠᠨ ᠪᠦᠳᠦᠭᠡᠯ ᠤᠨ ᠤᠷᠤᠯᠳᠤᠭᠠᠨ ᠵᠠᠷᠤᠳ ᠬᠤᠰᠢᠭᠤᠨ ᠤ ᠿᠧᠨ ᠾᠧ ᠤᠯᠠᠨ ᠤᠯᠤᠰ ᠤᠨ ᠪᠠᠭᠤᠳᠠᠯ ᠳ᠋ᠥ ᠃
ᠵᠠᠷᠤᠳ ᠤᠨ ᠤᠶᠤᠳᠠᠯ ᠤᠷᠠᠯᠠᠯ ᠵᠢᠡᠷ ᠭᠤᠤᠯ ᠪᠤᠯᠭᠠᠭᠰᠠᠨ ᠡᠨᠡᠬᠦ ᠠᠵᠢᠯᠯᠠᠭᠠᠨ ᠳᠤ ᠳᠤᠰ ᠬᠤᠰᠢᠭᠤᠨ ᠤ ᠡᠯ᠎ᠡ ᠰᠤᠮᠤ ᠪᠠᠯᠭᠠᠰᠤᠨ ᠡᠴᠠ ᠬᠦᠷᠦᠯᠴᠡᠨ ᠢᠷᠡᠭᠰᠡᠨ 100 ᠭᠠᠷᠤᠢ ᠤᠶᠤᠳᠠᠯᠴᠢᠨ ᠤᠷᠤᠯᠴᠠᠵᠦ᠂ ᠨᠡᠶᠢᠳᠡ 200 ᠭᠠᠷᠤᠢ ᠤᠷᠠᠨ ᠪᠦᠳᠦᠭᠡᠯ ᠬᠤᠷᠠᠭᠰᠠᠨ ᠤᠯᠠᠨ ᠤ ᠰᠡᠳᠬᠢᠯ ᠢ ᠪᠠᠶᠠᠰᠬᠠᠵᠦ᠂ ᠨᠢᠳᠦ ᠵᠢ ᠬᠤᠵᠢᠷᠯᠠᠭᠰᠠᠨ ᠃ ᠪᠦᠳᠦᠨ ᠡᠳᠦᠷ ᠤᠨ ᠰᠢᠯᠭᠠᠷᠠᠭᠤᠯᠤᠯᠳᠠ ᠪᠡᠷ ᠳᠤᠰ ᠬᠤᠰᠢᠭᠤᠨ ᠤ ᠦᠯᠵᠡᠶᠢᠮᠦ᠋ᠷᠡᠨ ᠰᠤᠮᠤ ᠵᠢᠨ ᠬᠠᠢ ᠲᠠᠩ ᠤᠨ ᠪᠦᠳᠦᠭᠡᠯ ᠨᠢᠭᠡᠳᠦᠭᠡᠷ ᠪᠠᠶᠢᠷᠢᠨ ᠳᠤ ᠲᠤᠳᠤᠷᠠᠵᠦ᠂ ᠠᠷᠤ ᠪᠠᠯᠭᠠᠰᠦ ᠵᠢᠨ ᠪᠤᠤ ᠰᠢᠭᠠᠷᠮᠠ᠂ ᠴᠢᠪᠠᠭᠠᠳᠦ ᠰᠤᠮᠤ ᠵᠢᠨ ᠤᠤᠭᠠᠨᠪᠢᠯᠢᠭ᠌ ᠤᠨ ᠪᠦᠳᠦᠭᠡᠯ ᠬᠤᠶᠠᠳᠤᠭᠠᠷ ᠪᠠᠶᠢᠷᠢᠨ ᠳᠤ ᠲᠤᠳᠤᠷᠠᠵᠦ᠂ ᠦᠯᠵᠡᠶᠢᠮᠦ᠋ᠷᠡᠨ ᠰᠤᠮᠤ ᠵᠢᠨ ᠶᠠᠩᠵᠢᠳᠮᠠ᠂ ᠴᠢᠪᠠᠭᠠᠳᠦ ᠰᠤᠮᠤ ᠵᠢᠨ ᠪᠤᠯᠤᠷ᠂ ᠬᠡᠷᠴᠢᠯᠠᠭᠤ ᠰᠤᠮᠤ ᠵᠢᠨ ᠰᠡᠴᠡᠩᠭᠡᠷᠡᠯ ᠤᠨ ᠪᠦᠳᠦᠭᠡᠯ ᠭᠤᠷᠪᠠᠳᠤᠭᠠᠷ ᠪᠠᠶᠢᠷᠢᠨ ᠳᠤ ᠲᠤᠳᠤᠷᠠᠭᠰᠠᠨ ᠪᠠᠶᠢᠨ᠎ᠠ᠃
ᠦᠨᠳᠦᠰᠦᠳᠡᠨ ᠤ ᠬᠠᠳᠬᠤᠮᠠᠯ ᠨᠢ 2008 ᠤᠨ ᠳ᠋ᠥ ᠤᠯᠤᠰ ᠤᠨ ᠬᠤᠶᠠᠳᠤᠭᠠᠷ ᠤᠨ ᠪᠤᠰᠤ ᠰᠤᠶᠤᠯ ᠤᠨ ᠦᠪ ᠵᠢᠡᠷ ᠪᠦᠷᠢᠳᠭᠡᠭᠦᠯᠪᠡ᠃ ᠡᠬᠦᠨ ᠳ᠋ᠥ ᠵᠠᠷᠤᠳ ᠤᠨ ᠤᠶᠤᠳᠠᠯ ᠬᠠᠳᠬᠤᠮᠠᠯ ᠨᠢ ᠳᠤᠰ ᠬᠤᠰᠢᠭᠤᠨ ᠤ ᠰᠤᠶᠤᠯ ᠤᠨ ᠲᠦᠷᠪᠡᠨ ᠨᠡᠷ᠎ᠡ ᠲᠡᠮᠳᠡᠭ ᠤᠨ ᠨᠢᠭᠡ ᠨᠢ ᠪᠤᠯᠵᠦ᠂ ᠲᠡᠯᠭᠡᠷᠡᠵᠦ ᠪᠠᠶᠢᠭ᠎ᠠ ᠴᠡᠴᠡᠭ ᠢ ᠲᠡᠪᠡᠯ ᠤᠨ ᠡᠩᠭᠡᠷ ᠲᠤ ᠪᠠᠨ ᠤᠷᠠᠯᠠᠵᠦ᠂ ᠲᠡᠪᠳᠡᠷᠢᠵᠦ ᠪᠠᠶᠢᠭ᠎ᠠ ᠰᠢᠪᠠᠭᠤ ᠵᠢ ᠲᠠᠮᠠᠬᠢᠨ ᠤᠭᠤᠳᠠᠨ ᠲᠡᠭᠡᠷ᠎ᠡ ᠪᠠᠨ ᠂ ᠲᠠᠩᠰᠤᠭ ᠰᠠᠶᠢᠬᠠᠨ ᠪᠠᠶᠢᠭᠠᠯᠢ ᠪᠠᠨ ᠡᠷᠬᠢᠮᠯᠡᠨ ᠬᠠᠶᠢᠷᠠᠯᠠᠵᠦ ᠪᠠᠶᠢᠭ᠎ᠠ ᠰᠡᠳᠬᠢᠯᠭᠡ ᠪᠠᠨ ᠬᠤᠪᠴᠠᠰᠦ ᠵᠠᠰᠠᠯ ᠳ᠋ᠠᠭᠠᠨ ᠰᠢᠩᠭᠡᠭᠡᠭ᠍ᠰᠡᠨ ᠢᠶᠡᠷ ᠢᠶᠡᠨ ᠠᠮᠢᠳᠤᠷᠠᠯ ᠤᠨ ᠦᠩᠭᠡ ᠪᠤᠳᠤᠭ ᠵᠢᠡᠷ ᠰᠤᠷᠭᠤᠭ ᠪᠠᠶᠢᠵᠦ᠂ ᠭᠤᠤᠯᠳᠠᠭᠤ ᠬᠡ ᠤᠭᠠᠯᠵᠠ᠂ ᠬᠠᠳᠬᠤᠮᠠᠯ᠂ ᠨᠠᠭᠠᠮᠠᠯ᠂ ᠴᠢᠮᠬᠢᠬᠦᠷ ᠪᠠ ᠤᠯᠠᠭᠠᠨ ᠲᠤᠷᠭᠠᠨ ᠲᠡᠭᠡᠷ᠎ᠡ ᠬᠠᠷ᠎ᠠ ᠲᠤᠷᠭᠠᠨ ᠬᠠᠨᠵᠢᠶᠠᠷ᠂ ᠤᠤᠵᠢ᠂ ᠴᠤᠪᠠ ᠡᠮᠦᠰᠬᠦ ᠤᠨᠴᠠᠯᠢᠭ ᠵᠢᠡᠷ ᠵᠢᠡᠨ ᠪᠤᠰᠤᠳ ᠤᠷᠤᠨ ᠨᠤᠳᠤᠭ ᠤᠨ ᠡᠴᠠ ᠤᠨᠴᠠᠭᠠᠢ ᠢᠯᠭᠠᠭᠳᠠᠳᠠᠭ᠃ ᠲᠤᠰ ᠤᠳᠠᠭᠠᠨ ᠤ ᠪᠤᠯᠪᠠᠰᠤᠷᠠᠯ ᠳ᠋ᠥ ᠵᠠᠷᠤᠳ ᠬᠤᠰᠢᠭᠤᠨ ᠤ ᠨᠠᠮ ᠤᠨ ᠰᠤᠷᠭᠠᠭᠤᠯᠢ ᠵᠢᠨ ᠪᠠᠭᠰᠢ ᠴᠠᠭᠠᠨ᠂ ᠲᠦᠩᠯᠢᠶᠤᠤ ᠬᠤᠳᠠ ᠵᠢᠨ ᠮᠤᠩ᠋ᠭᠤᠯ ᠦᠨᠳᠦᠰᠦᠳᠡᠨ ᠤ ᠬᠤᠪᠴᠠᠰᠦ ᠵᠠᠰᠠᠯ ᠤᠨ ᠨᠡᠶᠢᠭᠡᠮᠯᠢᠭ ᠤᠨ ᠲᠡᠷᠢᠬᠦᠯᠡᠭᠴᠢ ᠢᠦᠢ ᠯᠢᠨ᠂ ᠦᠪᠡᠷᠳᠡᠭᠡᠨ ᠵᠠᠰᠠᠬᠤ ᠤᠷᠤᠨ ᠤ ᠪᠤᠰᠤ ᠰᠤᠶᠤᠯ ᠤᠨ ᠦᠪᠯᠡᠭᠴᠢ ᠰᠠᠶᠢᠮᠠ᠂ ᠤᠶᠠᠩᠭ᠎ᠠ᠂ ᠰᠡᠴᠡᠩ᠋ᠭᠤᠸᠠ ᠨᠠᠷ ᠡᠴᠠ ᠦᠨᠳᠦᠰᠦᠳᠡᠨ ᠤ ᠬᠤᠪᠴᠠᠰᠦ ᠵᠠᠰᠠᠯ ᠤᠨ ᠲᠤᠬᠠᠢ ᠤᠨᠤᠯ ᠤᠨ ᠮᠡᠳᠡᠯᠭᠡ᠂ ᠤᠯᠠᠮᠵᠢᠯᠠᠯᠳᠦ ᠬᠤᠪᠴᠠᠰᠦ ᠵᠠᠰᠠᠯ ᠢ ᠤᠶᠤᠵᠦ ᠬᠠᠳᠬᠤᠬᠤ ᠤᠷ᠎ᠠ ᠮᠡᠷᠭᠡᠵᠢᠯ ᠵᠢᠴᠢ ᠦᠨᠳᠦᠰᠦᠳᠡᠨ ᠤ ᠬᠤᠪᠴᠠᠰᠦ ᠵᠠᠰᠠᠯ ᠤᠨ ᠰᠤᠶᠤᠯ ᠵᠢᠡᠨ ᠬᠡᠷᠬᠢᠨ ᠬᠦᠭ᠍ᠵᠢᠬᠦᠯᠬᠦ᠂ ᠭᠠᠵᠠᠷ ᠤᠷᠤᠨ ᠤ ᠰᠤᠶᠤᠯ ᠪᠠ ᠦᠨᠳᠦᠰᠦᠳᠡᠨ ᠤ ᠰᠤᠶᠤᠯ ᠢ ᠵᠢᠭᠤᠯᠴᠢᠯᠠᠯ ᠤᠨ ᠬᠦᠭ᠍ᠵᠢᠯ ᠲᠠᠢ ᠠᠭᠤᠰᠤᠯᠴᠠᠭᠤᠯᠬᠤ ᠲᠤᠬᠠᠢ ᠰᠤᠳᠤᠯᠤᠨ ᠶᠠᠷᠢᠯᠴᠠᠪᠠ᠃