ᠵᠤᠬᠢᠶᠠᠭᠴᠢ:
ᠴᠠᠭ:2016-11-07
ᠥᠵᠡᠭᠰᠡᠨ : ℃
ᠢᠷᠡᠯᠲᠡ:
ᠬᠦᠮᠦᠨ ᠲᠦᠷᠦᠯᠬᠢᠳᠡᠨ ᠤᠷᠤᠰᠢᠨ ᠠᠮᠢᠳᠤᠷᠠᠬᠤ ᠪᠠᠶᠢᠭᠠᠯᠢ ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ ᠰᠢᠨᠵᠢᠯᠡᠬᠦ ᠤᠬᠠᠭᠠᠨᠳᠠᠨ ᠴᠢᠯᠠᠭᠤ
2016 ᠤᠨ ᠤ 10 ᠳ᠋ᠤᠭᠠᠷᠰᠠᠷ᠎ᠠ ᠶᠢᠨ 18 ᠤ ᠤᠷᠤᠢ᠂ ᠡᠺᠦ᠋ᠸᠠᠳᠣᠷ ᠤᠯᠤᠰ ᠤᠨ ᠨᠡᠶᠢᠰᠯᠡᠯ ᠬᠤᠲᠠ ᠳᠤ ᠶᠠᠪᠤᠭᠳᠠᠭᠰᠠᠨ 2016 ᠤᠨ ᠤ《ᠦᠷᠬᠦᠯᠵᠢᠯᠡᠨ ᠬᠤᠲᠠ ᠨᠤᠭᠤᠳ ᠬᠢᠭᠡᠳ ᠬᠦᠮᠦᠨ ᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ ᠣᠷᠴᠢᠨ ᠠᠬᠤᠢ ᠢᠢᠨ ᠱᠠᠩᠨᠠᠯ 》ᠭᠠᠷᠳᠠᠭᠤᠯᠬᠤ ᠶᠤᠰᠤᠯᠠᠯᠲᠡᠭᠡᠷᠡ᠂ ᠪᠡᠭᠡᠵᠢᠩ ᠶᠡᠭᠡ ᠰᠣᠷᠭᠠᠭᠤᠯᠢ ᠶᠢᠨ ᠴᠢᠯᠠᠭᠤ ᠫᠷᠣᠹᠧᠰᠰᠣᠷ《ᠪᠦᠮᠪᠦᠷᠴᠡᠭ ᠤᠨ ᠬᠦᠮᠦᠨᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ ᠢᠢᠨ ᠤᠷᠴᠢᠨ ᠠᠬᠤᠢ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨᠱᠠᠩᠨᠠᠯ 》 ᠢ ᠲᠤᠰᠤᠭᠰᠠᠨ ᠬᠠᠯᠠᠭᠤᠨ ᠴᠢᠮᠡᠭᠡ ᠲᠠᠮᠵᠢᠭᠳᠠᠨ ᠲᠤᠭᠤᠯᠳᠠᠯ᠎ᠠ᠃
2016 ᠤᠨ ᠤ 《ᠦᠷᠬᠦᠯᠵᠢᠯᠡᠨ ᠬᠤᠲᠠ ᠨᠤᠭᠤᠳ ᠬᠢᠭᠡᠳ ᠬᠦᠮᠦᠨ ᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ ᠢᠢᠨ ᠣᠷᠴᠢᠨᠠᠬᠤᠢ ᠢᠢᠨ ᠱᠠᠩᠨᠠᠯ 》 ᠭᠠᠷᠳᠠᠭᠤᠯᠬᠤ ᠶᠤᠰᠤᠯᠠᠯ ᠢᠭᠤᠷᠪᠠᠳᠤᠭᠠᠷ ᠬᠤᠭᠤᠴᠠᠭᠠᠨ ᠤ ᠤᠯᠠᠨ ᠤᠯᠤᠰ ᠤᠨ ᠬᠤᠯᠪᠤᠭᠠᠳᠤ ᠪᠠᠶᠢᠭᠤᠯᠭ᠎ᠠ ᠶᠢᠨ ᠤᠷᠤᠨ ᠰᠠᠭᠤᠴᠠ ᠪᠠ ᠬᠤᠳᠠ ᠶᠢᠨ ᠦᠷᠬᠦᠯᠵᠢᠯᠡᠨ ᠶᠢᠨ ᠶᠡᠭᠡᠬᠤᠷᠠᠯᠪᠦᠮᠪᠦᠷᠴᠡᠭ ᠤᠨ ᠬᠦᠮᠦᠨ ᠲᠦᠷᠦᠯᠬᠢᠳᠡᠨ ᠤᠷᠤᠰᠢᠨ ᠠᠮᠢᠳᠤᠷᠠᠬᠤ ᠪᠠᠶᠢᠭᠠᠯᠢ ᠤᠷᠴᠢᠨ ᠤ ᠶᠡᠷᠢᠶᠡᠨ ᠤᠲᠠᠪᠴᠠᠩ ᠠᠴᠠ ᠵᠤᠬᠢᠶᠠᠨ ᠪᠠᠶᠢᠭᠤᠯᠤᠭᠰᠠᠨ ᠶᠤᠮ᠃ ᠪᠦᠮᠪᠦᠷᠴᠡᠭ ᠤᠨ ᠬᠦᠮᠦᠨ ᠲᠦᠷᠦᠯᠬᠢᠳᠡᠨ ᠤᠷᠤᠰᠢᠨ ᠠᠮᠢᠳᠤᠷᠠᠬᠤᠪᠠᠶᠢᠭᠠᠯᠢ ᠤᠷᠴᠢᠨ ᠤ ᠠᠵᠢᠯ ᠤᠨ ᠠᠮᠵᠢᠯᠳᠠ ᠪᠤᠯᠤᠨ ᠲᠤᠷᠰᠢᠯᠭ᠎ᠠ ᠶᠢ ᠳ᠋ᠦᠩᠨᠡᠨ ᠠᠬᠢᠭᠤᠯᠬᠤ ᠪᠠᠷ ᠵᠤᠷᠢᠯᠳᠠᠪᠤᠯᠭᠠᠵᠤ᠂ ᠨᠢᠭᠡ ᠵᠢᠯ ᠳᠤ ᠨᠢᠭᠡ ᠤᠳᠠᠭ᠎ᠠ ᠶᠠᠪᠤᠭᠳᠠᠭᠤᠯᠳᠠᠭ ᠲᠤᠰ ᠱᠠᠩᠨᠠᠯ ᠨᠢ ᠡᠨᠡ ᠤᠳᠠᠭ᠎ᠠ ᠳᠤ 6 ᠲᠦᠷᠦᠯ ᠤᠨ25 ᠱᠠᠩᠨᠠᠯ ᠢ ᠰᠢᠯᠭᠠᠷᠠᠭᠤᠯᠵᠠᠢ᠃
400 ᠭᠠᠷᠤᠢ ᠤᠯᠤᠰ ᠠᠴᠠᠢᠷᠡᠭᠰᠡᠨ ᠵᠤᠴᠢᠳ ᠱᠠᠩᠨᠠᠯ ᠤᠯᠤᠭᠰᠠᠳ ᠤᠨ ᠤᠬᠤᠷ ᠸᠢᠳᠢᠣ᠋ ᠠᠴᠠ ᠲᠡᠳᠡᠨ ᠤ ᠬᠤᠳᠠ ᠶᠢᠨ ᠦᠷᠬᠦᠯᠵᠢᠯᠡᠨ ᠪᠠ ᠬᠦᠮᠦᠨ ᠲᠦᠷᠦᠯᠬᠢᠳᠡᠨ ᠤᠷᠤᠰᠢᠨ ᠠᠮᠢᠳᠤᠷᠠᠬᠤ ᠪᠠᠶᠢᠭᠠᠯᠢ ᠤᠷᠴᠢᠨ ᠳᠤ ᠦᠵᠡᠬᠦᠯᠦᠭᠰᠡᠨ ᠠᠮᠵᠢᠯᠳᠠ ᠪᠦᠳᠦᠮᠵᠢᠪᠤᠯᠤᠨ ᠠᠮᠵᠢᠯᠳᠠᠳᠠᠢ ᠲᠤᠷᠰᠢᠯᠭ᠎ᠠ ᠶᠢ ᠰᠤᠨᠢᠷᠬᠠᠵᠤ᠂ ᠱᠠᠩᠨᠠᠯ ᠤᠯᠤᠭᠰᠠᠨ ᠰᠢᠯᠳᠠᠭᠠᠨ ᠢ ᠬᠤᠪᠢᠶᠠᠯᠴᠠᠵᠠᠢ᠃ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠲᠡᠭᠡᠳᠦ ᠲᠡᠰ ᠤᠨ ᠲᠤᠰᠢᠶᠠᠯᠳᠠᠨ ᠪᠠ ᠤᠯᠠᠨ ᠤᠯᠤᠰ ᠤᠨᠴᠢᠬᠤᠯᠠ ᠲᠤᠰᠢᠶᠠᠯᠳᠠᠨ ᠠᠴᠠ ᠱᠠᠩᠨᠠᠯ ᠭᠠᠷᠳᠠᠭᠤᠯᠵᠤ ᠪᠠᠶᠠᠷ ᠬᠦᠷᠭᠡᠪᠡ᠃
ᠴᠢᠯᠠᠭᠤ ᠫᠷᠤᠹᠧᠰᠰᠤᠷᠯᠢᠲ᠋ᠢ ᠶᠢᠨ ᠴᠠᠬᠢᠯᠭᠠᠨ ᠵᠠᠢ ᠶᠢᠨ ᠰᠤᠳᠤᠯᠤᠯ ᠢᠶᠠᠷ ᠢᠶᠠᠨ ᠪᠤᠬᠢᠷᠳᠤᠯ ᠦᠭᠡᠢ ᠰᠢᠨ᠎ᠡ ᠡᠨᠧᠷᠬᠢ ᠶᠢᠨ ᠭᠦᠷᠢᠶᠡᠨ ᠳᠤᠬᠤᠪᠢ ᠨᠡᠮᠡᠷᠢᠯᠡᠵᠦ᠂ 《ᠪᠦᠮᠪᠦᠷᠴᠡᠭ ᠤᠨ ᠬᠦᠮᠦᠨ ᠲᠦᠷᠦᠯᠬᠢᠳᠡᠨ ᠤᠷᠤᠰᠢᠨ ᠠᠮᠢᠳᠣᠷᠠᠬᠤ ᠪᠠᠶᠢᠭᠠᠯᠢ ᠤᠷᠴᠢᠨ ᠳᠤ ᠭᠠᠷᠮᠠᠭᠠᠢ ᠬᠤᠪᠢ ᠨᠡᠮᠡᠷᠢ ᠦᠵᠡᠬᠦᠯᠦᠭᠰᠡᠨ ᠱᠠᠩᠨᠠᠯ 》 ᠢ ᠲᠤᠰᠤᠭᠰᠠᠨ ᠶᠤᠮ᠃
ᠦᠨᠳᠦᠰᠦᠲᠡᠨ ᠤ ᠠᠯᠳᠠᠷᠲᠤ ᠰᠢᠨᠵᠢᠯᠡᠬᠦ ᠤᠬᠠᠭᠠᠨᠲᠠᠨ ᠴᠢᠯᠠᠭᠤ ᠪᠤᠯ ᠪᠡᠭᠡᠵᠢᠩ ᠶᠡᠭᠡᠰᠣᠷᠭᠠᠭᠤᠯᠢ ᠶᠢᠨ ᠫᠷᠣᠹᠧᠰᠰᠣᠷ᠂ ᠳ᠋ᠣᠺᠲ᠋ᠤᠷᠠᠨᠲ ᠤᠨ ᠵᠢᠯᠣᠭᠤᠳᠣᠭᠴᠢ᠂ ᠲᠦᠷᠦ ᠶᠢᠨ ᠶᠠᠪᠤᠳᠠᠯ ᠤᠨ ᠬᠤᠷᠢᠶᠠᠨ ᠤᠤᠨᠴᠠ ᠨᠦᠬᠦᠪᠦᠷᠢ ᠶᠢᠬᠦᠷᠳᠡᠵᠦ ᠪᠠᠶᠢᠭ᠎ᠠ ᠲᠤᠰᠬᠠᠢᠮᠡᠷᠭᠡᠵᠢᠯᠲᠡᠨ᠂ ᠮᠠᠲ᠋ᠧᠷᠢᠶᠠᠯ ᠤᠨ ᠰᠢᠨᠵᠢᠯᠡᠭᠡᠨ ᠤ ᠲᠤᠰᠬᠠᠢ ᠮᠡᠷᠭᠡᠵᠢᠯᠲᠡᠨ᠂ ᠮᠠᠨ ᠤ ᠤᠯᠤᠰ ᠤᠨ ᠺᠣᠪᠠᠯᠲᠬᠦᠴᠢᠯ ᠤᠨ ᠯᠢᠲ᠋ᠢ᠂ ᠬᠦᠴᠢᠯ ᠤᠨ ᠯᠢᠲ᠋ᠢ ᠶᠢᠨᠴᠠᠬᠢᠯᠭᠠᠨ ᠵᠠᠢ ᠶᠢᠨ ᠠᠷᠭ᠎ᠠ ᠲᠦᠢᠯ ᠤᠨ ᠮᠠᠲ᠋ᠧᠷᠢᠶᠠᠯ ᠤᠨ ᠰᠠᠭᠤᠷᠢᠯᠠᠭᠴᠢ ᠮᠦᠨ᠃
1957 ᠤᠨ ᠤ 10 ᠰᠠᠷ᠎ᠠ ᠳᠤᠦᠪᠦᠷ ᠤᠨ ᠣᠷᠳᠣᠰ ᠬᠤᠲᠠ ᠶᠢᠨ ᠦᠦᠰᠢᠨ ᠬᠤᠰᠢᠭᠤᠨ ᠳᠤ ᠲᠦᠷᠦᠵᠡᠢ᠃ 1977 ᠤᠨ ᠳᠤ ᠦᠪᠦᠷ ᠶᠡᠭᠡ ᠰᠤᠷᠭᠠᠭᠤᠯᠢ ᠶᠢᠨ ᠬᠢᠮᠢ ᠶᠢᠨ ᠰᠠᠯᠪᠤᠷᠢ ᠳᠤ ᠰᠢᠯᠭᠠᠭᠤᠯᠤᠨ ᠤᠷᠤᠵᠤ᠂ 1982 ᠤᠨ ᠠᠴᠠ 1986 ᠤᠨᠪᠤᠯᠲᠠᠯᠠ ᠦᠪᠦᠷ ᠤᠨ ᠶᠡᠭᠡ ᠰᠣᠷᠭᠠᠭᠤᠯᠢ ᠶᠢᠨ ᠬᠢᠮᠢ ᠶᠢᠨ ᠰᠠᠯᠪᠤᠷᠢ ᠳᠤ ᠪᠠᠭᠰᠢᠯᠠᠬᠤ ᠶᠢᠨ ᠵᠡᠷᠭᠡᠪᠡᠷᠬᠤᠪᠤᠷ ᠰᠢᠷᠣᠢ ᠶᠢᠨ ᠡᠯᠧᠮᠧᠨ᠋ᠲ ᠢ ᠵᠠᠳᠠᠯᠬᠤ ᠬᠢᠮᠢ ᠶᠢᠨ ᠰᠣᠳᠣᠯᠭᠠᠨ ᠤ ᠠᠵᠢᠯ ᠳᠤ ᠤᠷᠣᠯᠴᠠᠵᠠᠢ᠃ 1987 ᠤᠨ ᠳᠤᠶᠠᠫᠣᠨ ᠳᠤ ᠲᠤᠮᠢᠯᠠᠭᠳᠠᠨ ᠰᠤᠷᠤᠯᠴᠠᠵᠤ᠂ 1992 ᠤᠨ ᠤ ᠬᠠᠪᠣᠷ ᠲᠤᠤᠺᠢᠣ᠋ ᠶᠡᠭᠡ ᠰᠣᠷᠭᠠᠭᠤᠯᠢ ᠠᠴᠠ ᠪᠠᠶᠢᠭᠠᠯᠢ ᠶᠢᠨᠰᠢᠨᠵᠢᠯᠡᠬᠦ ᠤᠬᠠᠭᠠᠨ ᠤ ᠳ᠋ᠣᠺᠲ᠋ᠣᠷ ᠴᠤᠯᠠ ᠬᠠᠮᠠᠭᠠᠯᠠᠵᠠᠢ᠃ 1992 ᠤᠨ ᠠᠴᠠ 2000 ᠤᠨ ᠪᠣᠯᠲᠠᠯ᠎ᠠ ᠶᠠᠫᠤᠨ ᠤᠤᠯᠤᠰ ᠤᠨ ᠶᠡᠭᠡ ᠰᠣᠷᠭᠠᠭᠤᠯᠢ ᠪᠤᠯᠤᠨ ᠠᠵᠤ ᠠᠬᠤᠶᠢᠯᠠᠯ ᠳᠤ ᠰᠣᠳᠣᠯᠭᠠᠨ ᠤ ᠠᠵᠢᠯ ᠬᠢᠵᠦ᠂ 2000 ᠤᠨ ᠤ 8 ᠰᠠᠷ᠎ᠠ ᠳᠤᠪᠡᠭᠡᠵᠢᠩ ᠶᠡᠭᠡ ᠰᠣᠷᠭᠠᠭᠤᠯᠢ ᠶᠢᠨ ᠹᠢᠽᠢᠺ ᠤᠨ ᠰᠠᠯᠪᠤᠷᠢ ᠳᠤ ᠢᠷᠡᠵᠦ ᠠᠵᠢᠯᠯᠠᠭᠠᠳ ᠣᠳᠣ ᠳᠤ ᠬᠦᠷᠴᠡᠢ᠃
2001 ᠤᠨ ᠤ ᠡᠬᠢᠨ ᠳᠤ᠂ᠰᠠᠶ᠋ᠢᠬᠠᠨ ᠤᠯᠤᠰ ᠲᠠᠭᠠᠨ ᠪᠤᠴᠠᠵᠤ ᠢᠷᠡᠭᠰᠡᠨ ᠴᠢᠯᠠᠭᠤ ᠫᠷᠣᠹᠧᠰᠰᠣᠷ ᠬᠤᠪᠢ ᠶᠢᠨ ᠤᠶᠤᠨ ᠤ ᠦᠮᠴᠢ ᠶᠢᠨ ᠡᠷᠭᠡ ᠲᠠᠢᠺᠣᠪᠠᠯᠲ ᠬᠦᠴᠢᠯ ᠤᠨ ᠯᠢᠲ᠋ᠢ ᠶᠢᠨ ᠨᠡᠶᠢᠯᠡᠭ ᠮᠡᠷᠭᠡᠵᠢᠯ ᠤᠨ ᠰᠢᠪᠳᠤᠯᠤᠯᠲᠠ ᠶᠢ ᠪᠡᠶᠡᠯᠡᠭᠦᠯᠦᠭᠰᠡᠨ ᠮᠦᠷᠳᠡᠭᠡᠨ ᠪᠦᠭᠡᠮ ᠢᠶᠠᠷ ᠦᠢᠯᠡᠳᠪᠦᠷᠢᠯᠡᠬᠦ ᠪᠤᠯᠭᠠᠵᠤ᠂ᠮᠠᠨ ᠤ ᠤᠯᠤᠰ ᠤᠨ ᠺᠣᠪᠠᠯᠲ ᠬᠦᠴᠢᠯ ᠤᠨ ᠯᠢᠲ᠋ᠢ ᠶᠢᠨ ᠴᠠᠬᠢᠯᠭᠠᠨ ᠵᠠᠢ ᠶᠢ ᠲᠤᠰᠠᠭᠠᠷ ᠦᠢᠯᠡᠳᠪᠦᠷᠢᠯᠡᠵᠦ ᠲᠡᠶᠢᠯᠬᠦ ᠦᠭᠡᠢ ᠲᠡᠦᠭᠡ ᠶᠢ ᠡᠴᠦᠰᠯᠡᠬᠦᠯᠵᠦ᠂ᠴᠠᠬᠢᠯᠭᠠᠨ ᠵᠠᠢ ᠶᠢᠨ ᠦᠪᠡᠷ ᠤᠨ ᠦᠷᠳᠡᠭ ᠢ ᠶᠡᠭᠡᠪᠡᠷ ᠪᠠᠭᠠᠰᠬᠠᠬᠰᠠᠨ ᠪᠠᠶᠢᠨ᠎ᠠ᠃ ᠴᠠᠬᠢᠯᠭᠠᠨ ᠵᠠᠢ ᠶᠢᠨ ᠵᠠᠩᠬᠢᠯᠠᠭ᠎ᠠ ᠶᠢᠨᠮᠠᠲ᠋ᠧᠷᠢᠶᠠᠯ ᠢ ᠲᠤᠳᠤᠭᠠᠳᠤ ᠳᠤ ᠦᠢᠯᠡᠳᠪᠦᠷᠢᠯᠡᠭᠰᠡᠨ ᠠᠴᠠ ᠪᠤᠯᠵᠤ᠂ ᠤᠬᠤᠷᠬᠠᠨ ᠬᠡᠳᠦᠨ ᠵᠢᠯ ᠤᠨ ᠲᠤᠷᠰᠢ᠂ᠲᠤᠮᠳᠠᠳᠤ ᠤᠯᠤᠰ ᠨᠢᠭᠡᠨᠳᠡ ᠲᠡᠯᠡᠬᠡᠢ ᠶᠢᠨ ᠯᠢᠲ᠋ᠢ ᠶᠢᠨ ᠴᠠᠬᠢᠯᠭᠠᠨ ᠵᠠᠢ ᠦᠢᠯᠡᠳᠪᠦᠷᠢᠯᠡᠬᠦ ᠶᠡᠭᠡ ᠤᠯᠤᠰᠪᠤᠯᠵᠤ ᠮᠦᠷᠳᠡᠭᠡᠨᠴᠠᠬᠢᠯᠭᠠᠨ ᠵᠠᠢ ᠶᠢᠨ ᠭᠠᠷᠭᠠᠯᠳᠠ ᠨᠢ ᠪᠦᠬᠦ ᠲᠡᠯᠡᠬᠡᠢ ᠶᠢᠨ ᠭᠤᠷᠪᠠᠨ ᠤ ᠨᠢᠭᠡ ᠶᠢ ᠡᠵᠡᠯᠡᠭᠰᠡᠨ ᠪᠠᠶᠢᠨ᠎ᠠ᠃
ᠴᠢᠯᠠᠭᠤ ᠫᠷᠤᠹᠧᠰᠰᠤᠷ2008 ᠣᠨ ᠤ ᠪᠡᠭᠡᠵᠢᠩ ᠤᠨ ᠣᠯᠢᠮᠫᠢᠺ ᠤᠨ ᠲᠠᠮᠢᠷ ᠤᠨ ᠴᠤᠭᠯᠠᠭᠠᠨ᠂ 2010 ᠤᠨ ᠤ ᠱᠠᠩᠬᠠᠢ ᠶᠢᠨ ᠳᠡᠯᠡᠬᠡᠢ ᠶᠢᠨᠦᠵᠡᠰᠭᠦᠯᠡᠩ ᠤᠨ ᠴᠠᠬᠢᠯᠭᠠᠨ ᠬᠦᠳᠡᠯᠭᠡᠭᠦᠷᠲᠣ ᠮᠠᠰᠢᠨ ᠲᠡᠷᠭᠡᠨ ᠳᠤ ᠬᠡᠷᠡᠭᠯᠡᠬᠦ ᠬᠦᠴᠦᠨ ᠤ ᠴᠠᠬᠢᠯᠭᠠᠨ ᠵᠠᠢ ᠶᠢᠨ ᠲᠦᠰᠦᠯ ᠢ ᠬᠠᠷᠢᠭᠤᠴᠠᠨ ᠲᠡᠷᠢᠭᠦᠨ ᠤ ᠰᠢᠨᠵᠢᠯᠡᠬᠦ ᠣᠬᠠᠭᠠᠨᠲᠠᠨ ᠪᠦᠭᠡᠳ ᠤᠯᠤᠰ ᠤᠨ 《ᠠᠷᠪᠠᠨ ᠨᠢᠭᠡᠳᠦᠭᠡᠷ ᠲᠠᠪᠣᠨᠵᠢᠯ ᠤᠨ ᠲᠦᠯᠦᠪᠵᠢᠬᠦᠯᠭᠡ 》 863 ᠴᠠᠬᠢᠯᠭᠠᠨ ᠬᠦᠳᠡᠯᠭᠡᠭᠦᠷᠲᠣᠮᠠᠰᠢᠨ ᠲᠡᠷᠭᠡᠨ ᠤ ᠬᠦᠴᠦᠨ ᠤ ᠯᠢᠲ᠋ᠢ ᠶᠢᠨᠴᠠᠬᠢᠯᠭᠠᠨ ᠵᠠᠢ ᠶᠢᠨ ᠲᠦᠰᠦᠯ ᠤᠨ ᠬᠠᠷᠢᠭᠤᠴᠠᠯᠭᠠᠲᠠᠨ ᠮᠦᠨ᠃ 2010 ᠤᠨ᠂ 2012 ᠤᠨ ᠳᠤ ᠴᠢᠯᠠᠭᠤ ᠫᠷᠤᠹᠧᠰᠰᠤᠷ ᠢ ᠲᠤᠰ ᠨᠤᠪᠧᠯ ᠤᠨ ᠱᠠᠩᠨᠠᠯ ᠳᠤᠨᠡᠷᠡ ᠲᠡᠪᠰᠢᠭᠦᠯᠬᠦ ᠪᠠᠷ ᠲᠠᠨᠢᠯᠴᠠᠭᠤᠯᠵᠠᠢ᠃
ᠢᠷᠡᠯᠲᠡ᠄ᠲᠤᠮᠳᠠᠳᠤ ᠤᠯᠤᠰ ᠤᠨ ᠮᠣᠩᠭᠣᠯᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ