ᠵᠤᠬᠢᠶᠠᠭᠴᠢ:
ᠴᠠᠭ:2021-04-01
ᠥᠵᠡᠭᠰᠡᠨ : ℃
ᠢᠷᠡᠯᠲᠡ:
ᠬᠥᠬᠡᠬᠣᠲᠠ ᠶᠢᠨ ᠬᠣᠷᠢᠨᠭᠡᠷ ᠰᠢᠶᠠᠨ ᠶᠢᠰᠦ
2018 ᠣᠨ ᠤ ᠡᠴᠦᠰ ᠲᠦ ᠂ ᠬᠣᠷᠢᠨᠭᠡᠷ ᠰᠢᠶᠠᠨ ᠤ ᠡᠷᠦᠬᠡ ᠠᠮᠠ ᠶᠢᠨ ᠲᠠᠩᠰᠠ ᠲᠠᠶ ᠬᠥᠮᠦᠨ ᠠᠮᠠ 20.40 ᠲᠦᠮᠡ ᠪᠠᠶᠢᠵᠤ ᠂ 2017 ᠣᠨ ᠤ ᠡᠴᠦᠰ ᠦᠨ ᠬᠢ ᠡᠴᠡ 0.7 % ᠪᠠᠷ ᠨᠡᠮᠡᠭᠳᠡᠪᠡ᠃ ᠡᠭᠦᠨ ᠳᠦ ᠬᠣᠲᠠ ᠪᠠᠯᠭᠠᠰᠤᠨ ᠤ ᠬᠥᠮᠦᠨ ᠠᠮᠠ 4.37 ᠲᠦᠮᠡ ᠂ ᠬᠥᠳᠡᠭᠡ ᠲᠣᠰᠬᠣᠨ ᠤ ᠬᠥᠮᠦᠨ ᠠᠮᠠ 16.03 ᠲᠦᠮᠡ᠃ ᠬᠥᠮᠦᠨ ᠠᠮᠠ ᠶᠢᠨ ᠳᠦᠷᠦᠯᠲᠡ ᠶᠢᠨ ᠨᠣᠷᠮ᠎ᠠ 10.9 ‰ ᠂ ᠦᠬᠦᠯ ᠦᠨ ᠨᠣᠷᠮ᠎ᠠ 6.1 ‰ ᠂ ᠠᠶᠠᠨᠳᠠᠭᠠᠨ ᠨᠡᠮᠡᠭᠳᠡᠬᠦ ᠨᠣᠷᠮ᠎ᠠ 4.8 ‰ ᠬᠥᠮᠦᠨ ᠠᠮᠠ ᠶᠢᠨ ᠨᠡᠭᠦᠵᠦ ᠣᠷᠣᠬᠤ ᠨᠣᠷᠮ᠎ᠠ 12.4 ‰ ᠂ ᠬᠥᠮᠦᠨ ᠠᠮᠠ ᠶᠢᠨ ᠨᠡᠭᠦᠵᠦ ᠭᠠᠷᠬᠤ ᠨᠣᠷᠮ᠎ᠠ 9.4 ‰ ᠂ ᠮᠧᠬᠠᠨᠢᠭ ᠤᠨ ᠨᠡᠮᠡᠭᠳᠡᠯ ᠦᠨ ᠨᠣᠷᠮ᠎ᠠ 3.0 ‰ ᠃
2018 ᠣᠨ ᠳᠤ ᠂ ᠬᠣᠷᠢᠨᠭᠡᠷ ᠰᠢᠶᠠᠨ ᠭᠠᠵᠠᠷ ᠣᠷᠣᠨ ᠤ ᠦᠢᠯᠡᠳᠪᠦᠷᠢᠯᠡᠯ ᠦᠨ ᠶᠡᠷᠦᠩᠬᠡᠢ ᠦᠷᠳᠡᠭ 2017 ᠣᠨ ᠤ ᠬᠢ ᠡᠴᠡ 4.6 % ᠪᠡᠷ ᠃ ᠪᠦᠬᠦ ᠵᠢᠯ ᠦᠨ ᠡᠳ᠋ ᠦᠨ ᠵᠠᠰᠠᠭ ᠤᠨ ᠡᠩ ᠦᠨ ᠤᠯᠠᠨ ᠨᠡᠶᠢᠲᠡ ᠶᠢᠨ ᠲᠥᠰᠦᠪ ᠦᠨ ᠣᠷᠣᠯᠭ᠎ᠠ ᠶᠢ 2017 ᠣᠨ ᠤ ᠬᠢ ᠡᠴᠡ 6.84 % ᠪᠡᠷ ᠃ ᠪᠦᠬᠦ ᠵᠢᠯ ᠦᠨ ᠤᠯᠠᠨ ᠨᠡᠶᠢᠲᠡ ᠶᠢᠨ ᠡᠳ᠋ ᠦᠨ ᠵᠠᠰᠠᠭ ᠤᠨ ᠲᠥᠰᠦᠪ ᠦᠨ ᠵᠠᠷᠤᠯᠭ᠎ᠠ 2017 ᠣᠨ ᠤ ᠬᠢ ᠡᠴᠡ 6.57 % ᠪᠡᠷ ᠪᠠᠭᠠᠰᠪᠠ᠃ ᠪᠦᠬᠦ ᠰᠢᠶᠠᠨ ᠤ ᠬᠣᠲᠠ ᠬᠥᠳᠡᠭᠡ ᠶᠢᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ 48.1 ᠪᠡᠷ ᠨᠡᠮᠡᠭᠳᠡᠪᠡ᠃
2019 ᠣᠨ ᠳᠤ ᠂ ᠬᠣᠷᠢᠨᠭᠡᠷ ᠰᠢᠶᠠᠨ ᠭᠠᠵᠠᠷ ᠣᠷᠣᠨ ᠤ ᠦᠶᠯᠡᠳᠪᠦᠷᠢᠯᠡᠯ ᠦᠨ ᠶᠡᠷᠦᠩᠬᠡᠶ ᠥᠷᠲᠡᠭ ᠢ ᠬᠠᠷᠢᠴᠠᠯ ᠦᠨ᠎ᠡ ᠪᠡᠷ ᠪᠤᠳᠤᠬᠤ ᠶᠢ ᠪᠡᠶᠡᠯᠡᠭᠦᠯᠵᠦ ᠂ 2018 ᠣᠨ ᠤ ᠬᠢ ᠡᠴᠡ 3.3 % ᠪᠠᠷ ᠨᠡᠮᠡᠭᠳᠡᠪᠡ ᠭᠤᠷᠪᠠᠨ ᠠᠵᠤ ᠦᠶᠯᠡᠰ ᠬᠤᠪᠢᠶᠠᠵᠤ ᠦᠵᠡᠪᠡᠯ ᠄ ᠨᠢᠭᠡᠳᠦᠭᠡᠷ ᠠᠵᠤ ᠦᠶᠯᠡᠰ ᠦᠨ ᠨᠡᠮᠡᠭᠳᠡᠯ ᠥᠷᠲᠡᠭ 2018 ᠣᠨ ᠤ ᠬᠢ ᠡᠴᠡ 1.4 % ᠪᠠᠷ ᠨᠡᠮᠡᠭᠳᠡᠪᠡ ᠬᠣᠶᠠᠳᠤᠭᠠᠷ ᠠᠵᠤ ᠦᠶᠯᠡᠰ ᠨᠡᠮᠡᠭᠳᠡᠯ ᠥᠷᠲᠡᠭ 2018 ᠣᠨ ᠤ ᠬᠢ ᠡᠴᠡ 0.1 % ᠪᠡᠷ ᠨᠡᠮᠡᠭᠳᠡᠪᠡ ᠭᠤᠷᠪᠠᠳᠤᠭᠠᠷ ᠠᠵᠤ ᠦᠶᠯᠡᠰ ᠨᠡᠮᠡᠭᠳᠡᠯ ᠥᠷᠲᠡᠭ 2018 ᠣᠨ ᠤ ᠬᠢ ᠡᠴᠡ 8.3 % ᠪᠡᠷ ᠨᠡᠮᠡᠭᠳᠡᠪᠡ᠃ ᠪᠥᠬᠥ ᠵᠢᠯ ᠦᠨ ᠡᠳ᠋ ᠦᠨ ᠵᠠᠰᠠᠭ ᠤᠨ ᠡᠩ ᠦᠨ ᠣᠯᠠᠨ ᠨᠡᠶᠢᠲᠡ ᠶᠢᠨ ᠲᠥᠰᠦᠪ ᠦᠨ ᠣᠷᠣᠯᠭ᠎ᠠ ᠠᠳᠠᠯᠢ ᠬᠤᠭᠤᠴᠠᠭᠠᠨ ᠤ ᠬᠢ ᠡᠴᠡ 3.0 % ᠢᠶᠠᠷ ᠪᠠᠭᠤᠷᠠᠪᠠ᠃ ᠪᠥᠬᠥ ᠵᠢᠯ ᠦᠨ ᠡᠳ᠋ ᠦᠨ ᠵᠠᠰᠠᠭ ᠤᠨ ᠡᠩ ᠦᠨ ᠣᠯᠠᠨ ᠨᠡᠶᠢᠲᠡ ᠶᠢᠨ ᠲᠥᠰᠦᠪ ᠦᠨ ᠵᠠᠷᠤᠯᠭ᠎ᠠ ᠠᠳᠠᠯᠢ ᠬᠤᠭᠤᠴᠠᠭᠠᠨ ᠤ ᠬᠢ ᠡᠴᠡ 3.0% ᠢᠶᠠᠷ ᠨᠡᠮᠡᠭᠳᠡᠪᠡ᠃ ᠪᠥᠬᠥ ᠰᠢᠶᠠᠨ ᠬᠣᠲᠠ ᠬᠥᠳᠡᠭᠡ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 2018 ᠣᠨ ᠤ ᠬᠢ ᠡᠴᠡ 20.3 % ᠃