ᠵᠤᠬᠢᠶᠠᠭᠴᠢ:
ᠴᠠᠭ:2021-04-09
ᠥᠵᠡᠭᠰᠡᠨ : ℃
ᠢᠷᠡᠯᠲᠡ:
ᠪᠠᠶᠠᠨᠨᠠᠭᠤᠷ ᠬᠣᠲᠠ ᠶᠢᠨ ᠳ᠋ᠧᠩᠺᠧᠦ ᠰᠢᠶᠠᠨ ᠵᠢᠷᠭᠤᠭ᠎ᠠ
2017 ᠣᠨ ᠤ ᠡᠴᠦᠰ ᠲᠦ ᠂ ᠳ᠋ᠸᠩᠺᠸᠤ ᠰᠢᠶᠠᠨ ᠤ ᠪᠥᠬᠥ ᠬᠥᠮᠦᠨ ᠠᠮᠠ 11.44 ᠲᠦᠮᠡ ᠡᠷᠦᠬᠡ ᠠᠮᠠ ᠶᠢᠨ ᠲᠠᠩᠰᠠ ᠲᠠᠶ ᠬᠥᠮᠦᠨ ᠠᠮᠠ ᠪᠠᠶᠢᠵᠤ ᠂ 2016 ᠣᠨ ᠤ ᠡᠴᠦᠰ ᠦᠨ ᠬᠢ ᠡᠴᠡ 1419 ᠬᠠᠰᠤᠭᠳᠠᠵᠠᠶ᠃ ᠲᠠᠷᠢᠶᠠᠯᠠᠩ ᠤᠨ ᠪᠤᠰᠤ ᠬᠥᠮᠦᠨ ᠠᠮᠠ 5.80 ᠲᠦᠮᠡ ᠂ ᠲᠠᠷᠢᠶᠠᠯᠠᠩ ᠤᠨ ᠬᠥᠮᠦᠨ ᠠᠮᠠ 5.64 ᠲᠦᠮᠡ ᠪᠠᠶᠢᠵᠤ ᠂ ᠬᠣᠲᠠ ᠬᠥᠳᠡᠭᠡ ᠶᠢᠨ ᠬᠥᠮᠦᠨ ᠠᠮᠠ ᠶᠢᠨ ᠬᠠᠷᠢᠴᠠᠯ 50.70 49.30 ᠪᠣᠯᠤᠨ᠎ᠠ᠃ ᠪᠥᠬᠥ ᠵᠢᠯ ᠦᠨ ᠲᠥᠷᠥᠭᠰᠡᠨ ᠬᠥᠮᠦᠨ ᠠᠮᠠ 708 ᠪᠠᠶᠢᠵᠤ ᠂ ᠲᠥᠷᠥᠭᠰᠡᠨ ᠨᠣᠷᠮ᠎ᠠ ᠨᠢ 6. 91 ‰ ᠪᠣᠯᠤᠨ᠎ᠠ ᠬᠥᠮᠦᠨ ᠠᠮᠠ 416 ᠪᠠᠶᠢᠵᠤ ᠂ ᠨᠤᠷᠮ᠎ᠠ ᠨᠢ 4 .06 ‰ ᠪᠣᠯᠤᠨ᠎ᠠ ᠠᠶᠠᠨᠳᠠᠭᠠᠨ ᠨᠡᠮᠡᠭᠳᠡᠬᠦ ᠨᠣᠷᠮ᠎ᠠ 2.85 ‰ ᠪᠣᠯᠤᠨ᠎ᠠ᠃ ᠡᠷᠡᠭᠲᠡᠶ 58370 ᠬᠥᠮᠦᠨ ᠂ ᠡᠮᠡᠭᠲᠡᠶ 56083 ᠬᠥᠮᠦᠨ ᠂ ᠡᠷᠡᠭᠲᠡᠶ ᠡᠮᠡᠭᠲᠡᠶ ᠶᠢᠨ ᠬᠠᠷᠢᠴᠠᠯ ᠨᠢ 51.00 49.00 ᠪᠣᠯᠤᠨ᠎ᠠ᠃ ᠳ᠋ᠸᠩᠺᠸᠤ ᠰᠢᠶᠠᠨ ᠪᠣᠯ ᠣᠯᠠᠨ ᠦᠨᠳᠦᠰᠦᠲᠡᠨ ᠰᠠᠭᠤᠷᠢᠰᠢᠭᠰᠠᠨ ᠭᠠᠵᠠᠷ ᠣᠷᠣᠨ ᠪᠣᠯᠤᠨ᠎ᠠ ᠪᠥᠬᠥ ᠰᠢᠶᠠᠨ ᠳᠤ ᠬᠢᠲᠠᠳ ᠦᠨᠳᠦᠰᠦᠲᠡᠨ 103290 ᠬᠥᠮᠦᠨ ᠂ ᠴᠥᠭᠡᠨ ᠲᠣᠭᠠᠲᠤ ᠦᠨᠳᠦᠰᠦᠲᠡᠨ 11163 ᠬᠥᠮᠦᠨ ᠮᠣᠩᠭᠣᠯ ᠦᠨᠳᠦᠰᠦᠲᠡᠨ 5102 ᠬᠥᠮᠦᠨ ᠂ ᠬᠣᠲᠣᠩ ᠦᠨᠳᠦᠰᠦᠲᠡᠨ 5347 ᠬᠥᠮᠦᠨ ᠂ ᠪᠤᠰᠤᠳ ᠦᠨᠳᠦᠰᠦᠲᠡᠨ 714 ᠬᠥᠮᠦᠨ ᠪᠤᠢ᠃
2017 ᠣᠨ ᠳᠤ ᠂ ᠪᠦᠬᠦ ᠰᠢᠶᠠᠨ ᠤ ᠦᠢᠯᠡᠳᠪᠦᠷᠢᠯᠡᠯ ᠦᠨ ᠶᠡᠷᠦᠩᠬᠡᠢ ᠦᠷᠳᠡᠭ 46.07 ᠳ᠋ᠦᠩᠰᠢᠭᠤᠷ ᠲᠥᠭᠥᠷᠢᠭ ᠲᠦ ᠬᠦᠷᠴᠦ ᠂ 2016 ᠣᠨ ᠤ ᠬᠢ ᠡᠴᠡ 4.20 % ᠨᠡᠮᠡᠭᠳᠡᠵᠡᠢ᠃ ᠡᠭᠦᠨ ᠳᠦ ᠄ ᠨᠢᠭᠡᠳᠦᠭᠡᠷ ᠠᠵᠤ ᠦᠢᠯᠡᠰ ᠦᠨ ᠨᠡᠮᠡᠭᠳᠡᠯ ᠥᠷᠲᠡᠭ ᠢ 9.66 ᠳ᠋ᠦᠩᠰᠢᠭᠤᠷ ᠲᠥᠭᠥᠷᠢᠭ ᠲᠦ ᠬᠦᠷᠭᠡᠵᠦ ᠂ 5.40 % ᠪᠡᠷ ᠬᠣᠶᠠᠳᠤᠭᠠᠷ ᠠᠵᠤ ᠦᠶᠯᠡᠰ ᠦᠨ ᠨᠡᠮᠡᠭᠳᠡᠯ ᠥᠷᠲᠡᠭ 22.29 ᠳ᠋ᠦᠩᠰᠢᠭᠤᠷ ᠲᠥᠭᠥᠷᠢᠭ ᠲᠦ ᠬᠦᠷᠴᠦ ᠂ 0.90 % ᠪᠠᠷ ᠪᠠᠭᠤᠷᠠᠪᠠ ᠭᠤᠷᠪᠠᠳᠤᠭᠠᠷ ᠠᠵᠤ ᠦᠢᠯᠡᠰ ᠦᠨ ᠨᠡᠮᠡᠭᠳᠡᠯ ᠥᠷᠲᠡᠭ ᠢ 14.12 ᠳ᠋ᠦᠩᠰᠢᠭᠤᠷ ᠲᠥᠭᠥᠷᠢᠭ ᠲᠦ ᠬᠦᠷᠭᠡᠵᠦ ᠂ 12.3 % ᠪᠡᠷ ᠃ ᠨᠢᠭᠡᠳᠦᠭᠡᠷ ᠂ ᠬᠣᠶᠠᠳᠤᠭᠠᠷ ᠂ ᠭᠤᠷᠪᠠᠳᠤᠭᠠᠷ ᠠᠵᠤ ᠦᠢᠯᠡᠰ ᠦᠨ ᠪᠦᠲᠦᠴᠡ ᠶᠢ ᠲᠦᠷᠦᠭᠦᠦ ᠵᠢᠯ ᠦᠨ 17.1 58.3 24.6 ᠪᠠᠶᠢᠭᠰᠠᠨ ᠠᠴᠠ 21.0 48.4 30.6 ᠪᠣᠯᠭᠠᠨ ᠲᠣᠬᠢᠷᠠᠭᠤᠯᠪᠠ᠃ ᠬᠥᠮᠦᠨ ᠳᠤᠮᠳᠠᠴᠢ ᠶᠢᠨ ᠦᠶᠯᠡᠳᠪᠦᠷᠢᠯᠡᠯ ᠦᠨ ᠶᠡᠷᠦᠩᠬᠡᠶ ᠥᠷᠲᠡᠭ 39545 ᠲᠥᠭᠥᠷᠢᠭ ᠲᠦ ᠬᠦᠷᠴᠦ ᠂ ᠵᠢᠯ ᠦᠨ ᠳᠤᠮᠳᠠᠴᠢ ᠭᠤᠪᠢᠭᠤᠯᠭ᠎ᠠ ᠶᠢᠨ ᠨᠣᠷᠮ᠎ᠠ ᠪᠠᠷ ᠨᠤᠭᠤᠯᠤᠨ ᠪᠤᠳᠤᠪᠠᠯ 5857 ᠳ᠋ᠣᠯᠯᠠᠷ ᠪᠣᠯᠤᠨ᠎ᠠ᠃ ᠪᠦᠬᠦ ᠵᠢᠯ ᠦᠨ ᠣᠯᠠᠨ ᠨᠡᠢᠲᠡ ᠶᠢᠨ ᠡᠳ᠋ ᠦᠨ ᠵᠠᠰᠠᠭ ᠤᠨ ᠲᠥᠰᠦᠪ ᠦᠨ ᠣᠷᠣᠯᠭ᠎ᠠ ᠨᠡᠶᠢᠲᠡ 26641 ᠲᠦᠮᠡᠨ ᠲᠥᠭᠥᠷᠢᠭ ᠢ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠡᠴᠡ 1741 ᠲᠦᠮᠡᠨ ᠲᠥᠭᠥᠷᠢᠭ ᠨᠡᠮᠡᠭᠳᠡᠵᠦ ᠂ 7.0 % ᠨᠡᠮᠡᠭᠳᠡᠵᠡᠢ᠃ ᠬᠣᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠦ ᠵᠠᠷᠤᠯᠭ᠎ᠠ ᠶᠢ 15850 ᠲᠥᠭᠥᠷᠢᠭ ᠲᠣᠬᠢᠷᠠᠭᠤᠯᠵᠤ ᠂ 2 % ᠢᠶᠠᠷ ᠃ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠬᠡᠷᠡᠭᠯᠡᠭᠡᠨ ᠦ ᠵᠠᠷᠤᠯᠭ᠎ᠠ 9475 ᠲᠥᠭᠥᠷᠢᠭ ᠲᠦ ᠬᠦᠷᠴᠦ ᠂ 4.3 % ᠪᠠᠷ ᠨᠡᠮᠡᠭᠳᠡᠪᠡ᠃