ᠵᠤᠬᠢᠶᠠᠭᠴᠢ:
ᠴᠠᠭ:2021-09-03
ᠥᠵᠡᠭᠰᠡᠨ : ℃
ᠢᠷᠡᠯᠲᠡ:
ᠪᠤᠭᠤᠲᠤ ᠬᠣᠲᠠ ᠶᠢᠨ ᠪᠠᠶᠠᠨ᠋ᠠᠤᠪᠤᠭᠠ ᠠᠭᠤᠷᠬᠠᠢ ᠶᠢᠨ ᠲᠣᠭᠣᠷᠢᠭ ( )
1958 ᠣᠨ ᠤ 5 ᠰᠠᠷ᠎ᠠ ᠶᠢᠨ 15 ᠤ ᠡᠳᠦᠷ ᠂ ᠪᠠᠶᠠᠨ᠋ᠠᠤᠪᠤᠭᠠ ᠪᠠᠯᠭᠠᠰᠤ ᠶᠢ ᠪᠤᠭᠤᠲᠤ ᠬᠣᠲᠠ ᠳᠤ ᠬᠠᠷᠢᠶᠠᠯᠠᠭᠤᠯᠪᠠ᠃ 8 ᠰᠠᠷ᠎ᠠ ᠶᠢᠨ 28 ᠤ ᠡᠳᠦᠷ ᠂ ᠪᠤᠭᠤᠲᠤ ᠬᠣᠲᠠ ᠶᠢᠨ ᠪᠠᠶᠠᠨ᠋ᠠᠤᠪᠤᠭᠠ ᠠᠭᠤᠷᠬᠠᠶ ᠶᠢᠨ ᠣᠷᠣᠨ ᠭᠡᠵᠦ ᠥᠭᠡᠷᠡᠴᠢᠯᠡᠪᠡ᠃ ᠪᠠᠶᠠᠠᠤᠪᠤᠭᠠ ᠠᠭᠤᠷᠬᠠᠢ ᠶᠢᠨ ᠣᠷᠣᠨ 1958 ᠣᠨ ᠳᠤ ᠠᠭᠤᠷᠬᠠᠢ ᠶᠢ ᠲᠦᠰᠢᠭᠯᠡᠨ ᠣᠷᠣᠨ ᠪᠠᠶᠢᠭᠤᠯᠵᠤ ᠂ ᠣᠷᠣᠨ ᠪᠦᠰᠡ ᠶᠢᠨ ᠲᠠᠯᠠᠪᠠᠢ ᠨᠢ 328.647 ᠲᠡᠭᠰᠢ ᠳᠥᠷᠪᠡᠯᠵᠢᠨ ᠺᠢᠯᠣᠮᠧᠲᠷ
2010 ᠣᠨ ᠤ ᠰᠡᠭᠦᠯᠴᠢ ᠪᠡᠷ ᠂ ᠪᠠᠶᠠᠨ᠋ᠠᠤᠪᠤᠭᠠ ᠠᠭᠤᠷᠬᠠᠢ ᠶᠢᠨ ᠣᠷᠣᠨ ᠳᠤ ᠪᠠᠶᠢᠩᠭᠤ ᠰᠠᠭᠤᠭ᠎ᠠ ᠬᠥᠮᠦᠨ ᠠᠮᠠ 26036 ᠪᠠᠶᠢᠵᠤ ᠂ ᠮᠣᠩᠭᠣᠯ ᠂ ᠬᠢᠲᠠᠳ ᠂ ᠮᠠᠨᠵᠤ ᠂ ᠬᠣᠲᠣᠩ ᠂ ᠳᠠᠭᠤᠷ ᠵᠡᠷᠭᠡ 9 ᠦᠨᠳᠦᠰᠦᠲᠡᠨ ᠃ ᠪᠦᠬᠦ ᠣᠷᠣᠨ ᠳᠤ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 7 ᠰᠠᠭᠤᠭᠠᠯᠢ ᠠᠷᠠᠳ ᠤᠨ ᠵᠥᠪᠯᠡᠯ ᠲᠡᠶ ᠃
2014 ᠣᠨ ᠤ ᠡᠴᠦᠰ ᠲᠦ ᠂ ᠪᠠᠶᠠᠠᠠᠤᠪᠤᠭ᠎ᠠ ᠠᠭᠤᠷᠬᠠᠶ ᠶᠢᠨ ᠣᠷᠣᠨ ᠤ ᠪᠠᠶᠢᠩᠭᠤ ᠰᠠᠭᠤᠭ᠎ᠠ ᠬᠥᠮᠦᠨ ᠠᠮᠠ ᠳᠤ ᠮᠣᠩᠭᠣᠯ ᠂ ᠬᠢᠲᠠᠳ ᠂ ᠮᠠᠨᠵᠤ ᠂ ᠬᠣᠲᠣᠩ ᠵᠡᠷᠭᠡ 11 ᠦᠨᠳᠦᠰᠦᠲᠡᠨ ᠂ 2.73 ᠲᠦᠮᠡᠨ ᠬᠥᠮᠦᠨ ( 2014 ᠣᠨ ᠤ ᠬᠥᠮᠦᠨ ᠠᠮᠠ ᠶᠢᠨ ᠥᠯᠢᠭᠡᠷ ᠠᠪᠴᠤ ᠪᠠᠶᠢᠴᠠᠭᠠᠭᠰᠠᠨ ᠲᠣᠭ᠎ᠠ ᠪᠠᠷᠢᠮᠲᠠ ) ᠪᠣᠶ᠃ ᠪᠦᠬᠦ ᠣᠷᠣᠨ ᠳᠤ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 4 ᠨᠡᠶᠢᠭᠡᠮ ᠲᠣᠭᠣᠷᠢᠭ ᠲᠠᠶ ᠃
2019 ᠪᠣᠯᠲᠠᠯ᠎ᠠ ᠂ ᠪᠠᠶᠠᠠᠠᠤᠪᠤᠭ᠎ᠠ ᠠᠭᠤᠷᠬᠠᠢ ᠶᠢᠨ ᠣᠷᠣᠨ ᠤ ᠬᠠᠷᠢᠶᠠᠨ ᠳᠠᠬᠢ 2 ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠂ 4 ᠨᠡᠶᠢᠭᠡᠮ ᠲᠣᠭᠣᠷᠢᠭ ᠂ ᠣᠷᠣᠨ ᠪᠦᠰᠡ ᠶᠢᠨ ᠲᠠᠯᠠᠪᠠᠢ 328.647 ᠲᠡᠭᠰᠢ ᠳᠥᠷᠪᠡᠯᠵᠢᠨ ᠺᠢᠯᠤᠮᠸ᠋ᠲᠷ ᠲᠦ ᠮᠣᠩᠭᠣᠯ ᠦᠨᠳᠦᠰᠦᠲᠡᠨ ᠂ ᠬᠢᠲᠠᠳ ᠦᠨᠳᠦᠰᠦᠲᠡᠨ ᠂ ᠬᠣᠲᠣᠩ ᠦᠨᠳᠦᠰᠦᠲᠡᠨ ᠵᠡᠷᠭᠡ 11 ᠦᠨᠳᠦᠰᠦᠲᠡᠨ 2.78 ᠲᠦᠮᠡᠨ ᠬᠥᠮᠦᠨ ᠪᠠᠶᠢᠵᠤ ᠂ ᠡᠭᠦᠨ ᠦ ᠳᠣᠲᠣᠷ᠎ᠠ ᠪᠠᠶ ᠶᠦᠨ ᠲᠡᠮᠦᠷ ᠦᠨ ᠠᠭᠤᠷᠬᠠᠶ ᠶᠢᠨ ᠠᠵᠢᠯᠲᠠᠨ ᠠᠵᠢᠯᠴᠢᠨ ᠵᠢᠴᠢ ᠬᠡᠷ ᠪᠦᠯᠢ ᠨᠢ 2.21 ᠲᠦᠮᠡᠨ ᠬᠥᠮᠦᠨ ᠪᠠᠶᠢᠵᠤ ᠂ ᠪᠥᠬᠥ ᠣᠷᠣᠨ ᠤ ᠶᠡᠷᠦᠩᠬᠡᠶ ᠬᠥᠮᠦᠨ ᠠᠮᠠ ᠶᠢᠨ 80 % ᠶᠢ ᠡᠵᠡᠯᠡᠵᠦ ᠃