ᠵᠤᠬᠢᠶᠠᠭᠴᠢ:
ᠴᠠᠭ:2022-03-25
ᠥᠵᠡᠭᠰᠡᠨ : ℃
ᠢᠷᠡᠯᠲᠡ:
ᠪᠣᠭᠣᠮᠲᠠ

ᠪᠣᠭᠣᠮᠲᠠ ᠪᠠᠶᠠᠨᠨᠠᠭᠤᠷ ᠬᠣᠲᠠ ᠶᠢᠨ ᠤᠷᠠᠳ ᠤᠨ ᠳᠤᠮᠳᠠᠳᠤ ᠬᠣᠰᠢᠭᠤᠨ ᠤ ᠪᠠᠶᠠᠨᠬᠠᠩᠭᠠᠶ ᠰᠤᠮᠤ ᠶᠢᠨ ᠪᠠᠶᠢᠷᠢᠯᠠᠵᠤ ᠂ ᠳᠤᠮᠳᠠᠳᠤ ᠮᠣᠩᠭᠣᠯ ᠤᠨ ᠬᠢᠯᠢ ᠶᠢᠨ ᠱᠤᠭᠤᠮ ᠤᠨ 703 ᠨᠣᠮᠧᠷᠲᠤ ᠭᠠᠵᠠᠷ ᠲᠤ ᠪᠠᠶᠢᠳᠠᠭ᠃ ᠪᠣᠭᠣᠮᠲᠠ ᠶᠢᠨ ᠪᠥᠲᠥᠭᠡᠨ ᠣᠷᠣᠨ ᠤ ᠶᠡᠷᠦᠩᠬᠡᠶ ᠲᠠᠯᠠᠪᠠᠶ ᠨᠢ 55.82 ᠾᠧᠺᠲ᠋ᠠᠷ ᠪᠠᠶᠢᠵᠤ ᠂ ᠮᠣᠩᠭᠣᠯ ᠤᠯᠤᠰ ᠤᠨ ᠠᠶᠢᠮᠠᠭ ᠤᠨ ᠪᠣᠭᠣᠮᠲᠠ ᠯᠤᠭ᠎ᠠ ᠬᠠᠷᠢᠯᠴᠠᠨ ᠵᠣᠬᠢᠴᠠᠯᠳᠤᠵᠤ ᠂ ᠬᠣᠰᠢᠭᠤᠨ ᠤ ᠪᠠᠶᠢᠭ᠎ᠠ ᠪᠠᠯᠭᠠᠰᠤ ᠠᠴᠠ 130 ᠺᠢᠯᠣᠮᠧᠲ᠋ᠷ ᠵᠠᠶᠢᠲᠠᠶ ᠪᠠᠶᠢᠳᠠᠭ᠃ ᠪᠣᠭᠣᠮᠲᠠ ᠶᠢᠨ ᠣᠶᠢᠷᠠᠯᠴᠠᠭ᠎ᠠ ᠭᠠᠵᠠᠷ ᠤᠨ ᠪᠠᠶᠢᠴᠠ ᠥᠷᠭᠡᠨ ᠠᠭᠤᠳᠠᠮ ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠵᠠᠰᠠᠮᠠᠯ ᠵᠠᠮ ᠰᠢᠭᠤᠳ ᠭᠣᠣᠯ ᠵᠠᠰᠠᠮᠠᠯ ᠵᠠᠮ ᠤᠨ ᠭᠣᠣᠯ ᠱᠤᠭᠤᠮ ᠵᠠᠯᠭᠠᠯᠳᠤᠵᠤ ᠪᠠᠶᠢᠳᠠᠭ᠃
ᠪᠠᠶᠠᠨᠨᠠᠭᠤᠷ ᠬᠣᠲᠠ ᠶᠢᠨ ᠤᠷᠠᠳ ᠤᠨ ᠳᠤᠮᠳᠠᠳᠤ ᠬᠣᠰᠢᠭᠤ ᠪᠣᠯᠤᠨ ᠮᠣᠩᠭᠣᠯ ᠤᠯᠤᠰ ᠤᠨ ᠴᠥᠮ ᠮᠠᠯ ᠠᠵᠤ ᠠᠬᠤᠶ ᠪᠠᠷ ᠭᠤᠤᠯ ᠪᠣᠯᠭᠠᠭᠰᠠᠨ ᠠᠵᠤ ᠠᠬᠤᠶ ᠶᠢᠨ ᠲᠥᠷᠥᠯ ᠬᠡᠯᠪᠡᠷᠢ ᠶᠢᠨ ᠣᠷᠣᠨ ᠪᠣᠯᠤᠨ᠎ᠠ ᠂ ᠪᠠᠶᠠᠨᠨᠠᠭᠤᠷ ᠬᠣᠲᠠ ᠬᠣᠶᠢᠲᠤ ᠬᠡᠰᠡᠭ ᠦᠨ ᠮᠠᠯ ᠠᠵᠤ ᠠᠬᠤᠶ ᠠᠴᠠ ᠭᠠᠳᠠᠨ᠎ᠠ ᠂ ᠡᠮᠦᠨᠡᠲᠦ ᠬᠡᠰᠡᠭ ᠦᠨ ᠲᠠᠷᠢᠶᠠᠯᠠᠩ ᠴᠤ ᠨᠡᠯᠢᠶᠡᠳ ᠬᠥᠭᠵᠢᠵᠡᠶ᠃ ᠮᠣᠩᠭᠣᠯ ᠤᠯᠤᠰ ᠤᠨ ᠡᠯᠪᠡᠭ ᠪᠠᠶᠠᠯᠢᠭ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠲᠠᠶ ᠂ ᠬᠣᠶᠠᠷ ᠲᠠᠯ᠎ᠠ ᠪᠠᠷ ᠢᠶᠠᠨ ᠬᠢᠯᠢ ᠶᠢᠨ ᠠᠷᠠᠯᠵᠢᠶ᠎ᠠ ᠪᠠ ᠠᠵᠤ ᠠᠬᠤᠶ ᠮᠡᠷᠭᠡᠵᠢᠯ ᠦᠨ ᠬᠠᠮᠲᠤᠷᠠᠯᠴᠠᠭ᠎ᠠ ᠂ ᠵᠣᠬᠢᠬᠤ ᠬᠡᠮᠵᠢᠶᠡᠨ ᠦ ᠬᠠᠷᠢᠯᠴᠠᠨ ᠨᠥᠬᠥᠪᠥᠷᠢᠯᠡᠬᠦ ᠴᠢᠨᠠᠷᠲᠠᠶ ᠪᠠᠶᠢᠳᠠᠭ᠃ 1989 ᠣᠨ ᠤ 8—9 ᠰᠠᠷ᠎ᠠ ᠳᠤ ᠳᠤᠮᠳᠠᠳᠤ ᠮᠣᠩᠭᠣᠯ ᠬᠣᠶᠠᠷ ᠤᠯᠤᠰ ᠬᠠᠷᠢᠯᠴᠠᠨ ᠲᠥᠯᠥᠭᠡᠯᠡᠭᠴᠢᠳ ᠦᠨ ᠪᠦᠯᠬᠦᠮ ᠲᠣᠮᠢᠯᠠᠨ ᠠᠶᠢᠯᠴᠢᠯᠠᠯᠲᠠ ᠬᠢᠵᠦ ᠂ ᠤᠯᠠᠨ ᠵᠢᠯ ᠲᠠᠰᠤᠯᠳᠠᠭᠰᠠᠨ ᠬᠢᠯᠢ ᠶᠢᠨ ᠠᠷᠠᠯᠵᠢᠶ᠎ᠠ ᠪᠠᠨ ᠰᠡᠷᠭᠦᠭᠡᠵᠦ ᠂ 145 ᠲᠦᠮᠡᠨ ᠰᠸᠢᠰ ᠦᠨ ᠹᠷᠠᠩᠺ ᠤᠨ ᠪᠠᠷᠠᠭ᠎ᠠ ᠰᠣᠯᠢᠯᠴᠠᠬᠤ ᠠᠷᠠᠯᠵᠢᠶᠠᠨ ᠤ ᠭᠡᠷ᠎ᠡ ᠲᠣᠭᠲᠠᠪᠠ᠃ 1989 ᠣᠨ ᠤ 12 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠶᠢ ᠮᠣᠩᠭᠣᠯ ᠤᠯᠤᠰ ᠯᠤᠭ᠎ᠠ ᠶᠢᠨ ᠬᠢᠯᠢ ᠶᠢᠨ ᠠᠷᠠᠯᠵᠢᠶᠠᠨ ᠤ ᠲᠦᠷ ᠴᠠᠭ ᠤᠨ ᠪᠠᠷᠠᠭ᠎ᠠ ᠳᠠᠮᠵᠢᠭᠤᠯᠬᠤ ᠴᠡᠭ ᠂ 1990 ᠣᠨ ᠤ 2 ᠰᠠᠷ᠎ᠠ ᠶᠢᠨ 23 ᠤ ᠡᠳᠦᠷ ᠠᠩᠬ᠎ᠠ ᠤᠳᠠᠭ᠎ᠠ ᠪᠠᠷᠠᠭ᠎ᠠ ᠶᠢ ᠃ 1992 ᠣᠨ ᠤ 6 ᠰᠠᠷ᠎ᠠ ᠶᠢᠨ 24 ᠋ ᠦ ᠡᠳᠦᠷ ᠂ ᠪᠣᠭᠣᠮᠲᠠ ᠵᠢᠩᠬᠢᠨᠢ ᠪᠡᠷ ᠤᠯᠤᠰ ᠤᠨ ᠨᠢᠭᠡᠳᠦᠭᠡᠷ ᠲᠦᠷᠦᠯ ᠦᠨ ᠤᠯᠠᠷᠢᠯ ᠤᠨ ᠴᠢᠨᠠᠷᠲᠠᠢ ᠬᠣᠶᠠᠷ ᠲᠠᠯ᠎ᠠ ᠶᠢᠨ ᠪᠣᠭᠣᠮᠲᠠ ᠪᠣᠯᠪᠠ᠃ 2004—2006 ᠣᠨ ᠳᠤ ᠂ ᠤᠯᠤᠰ ᠤᠨ ᠪᠣᠭᠣᠮᠲᠠ ᠶᠢᠨ ᠶᠡᠷᠦᠩᠬᠡᠶ ᠵᠠᠬᠢᠷᠭ᠎ᠠ ᠳᠤ ᠮᠡᠳᠡᠭᠦᠯᠦᠨ ᠵᠥᠪᠰᠢᠶᠡᠷᠡᠭᠦᠯᠦᠭᠡᠳ ᠪᠣᠭᠣᠮᠲᠠ ᠶᠢ ᠨᠡᠭᠡᠭᠡᠬᠦ ᠪᠤᠰᠤ ᠬᠤᠭᠤᠴᠠᠭᠠᠨ ᠳᠤ ᠲᠦᠷ ᠨᠡᠭᠡᠭᠡᠵᠦ ᠂ ᠨᠡᠭᠦᠷᠡᠰᠦᠨ ᠦ ᠲᠡᠭᠡᠭᠡᠪᠦᠷᠢ ᠬᠢᠪᠡ᠃ 2004 ᠣᠨ ᠤ 7 ᠰᠠᠷ᠎ᠠ ᠶᠢᠨ 5 ᠤ ᠡᠳᠦᠷ ᠂ ᠮᠣᠩᠭᠣᠯ ᠬᠣᠶᠠᠷ ᠲᠠᠯ᠎ᠠ ᠶᠢᠨ ᠵᠠᠰᠠᠭ ᠤᠨ ᠭᠠᠵᠠᠷ 《 ᠮᠣᠩᠭᠣᠯ ᠤᠨ ᠬᠢᠯᠢ ᠶᠢᠨ ᠪᠣᠭᠣᠮᠲᠠ ᠪᠣᠯᠤᠨ ᠲᠡᠭᠦᠨ ᠦ ᠳᠦᠷᠢᠮ ᠦᠨ ᠲᠤᠬᠠᠢ ᠪᠦᠭᠦᠳᠡ ᠨᠠᠶᠢᠷᠠᠮᠳᠠᠬᠤ ᠠᠷᠠᠳ ᠤᠯᠤᠰ ᠤᠨ ᠵᠠᠰᠠᠭ ᠤᠨ ᠭᠠᠵᠠᠷ ᠂ ᠮᠣᠩᠭᠣᠯ ᠤᠯᠤᠰ ᠤᠨ ᠵᠠᠰᠠᠭ ᠤᠨ ᠭᠠᠵᠠᠷ ᠤᠨ 》 ᠭᠠᠷ ᠤᠨ ᠦᠰᠦᠭ ᠵᠢᠷᠤᠵᠤ ᠂ 9 ᠳ᠋ᠦᠭᠡᠷ ᠰᠠᠷ᠎ᠠ ᠶᠢᠨ 28 ᠤ ᠡᠳᠦᠷ ᠂ ᠪᠣᠭᠣᠮᠲᠠ ᠬᠣᠶᠠᠷ ᠲᠠᠯ᠎ᠠ ᠶᠢᠨ ᠤᠯᠠᠷᠢᠯ ᠤᠨ ᠴᠢᠨᠠᠷᠲᠠᠢ ᠨᠡᠭᠡᠭᠡᠯᠲᠡ ᠬᠢᠵᠦ ᠪᠠᠶᠢᠭᠰᠠᠨ ᠬᠣᠶᠠᠷ ᠲᠠᠯ᠎ᠠ ᠶᠢᠨ ᠪᠠᠶᠢᠩᠭᠤ ᠶᠢᠨ ᠴᠢᠨᠠᠷᠲᠠᠢ ᠨᠡᠭᠡᠭᠡᠯᠲᠡ ᠪᠣᠭᠣᠮᠲᠠ ᠪᠣᠯᠭᠠᠨ ᠳᠡᠭᠡᠭᠰᠢᠯᠡᠭᠦᠯᠪᠡ ᠃